ᠣᠶ᠋ᠢᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ ᠪᠥᠬᠥ ᠤᠯᠤᠰ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠰᠢᠶᠠᠨ᠎ᠢ ᠡᠬᠦᠳᠬᠦ ᠠᠵᠢᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠨᠡᠯᠡᠯᠲᠡ ᠵᠢ ᠲᠠᠭᠤᠰᠬᠠᠯ᠎ᠠ᠃
2021 ᠣᠨ᠎ᠤ 8 ᠳ᠋ᠤᠭ᠋ᠠᠷ ᠰᠠᠷ᠎ᠠ ᠠᠷᠠᠳ᠎ᠤᠨ ᠶᠠᠪᠤᠳᠠᠯ᠎ᠤᠨ ᠶᠠᠮᠤᠨ ᠪᠥᠬᠥ ᠤᠯᠤᠰ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠰᠢᠶᠠᠨ (ᠬᠣᠲᠠ᠂ ᠲᠣᠭᠣᠷᠢᠭ᠂ ᠬᠣᠰᠢᠭᠤ)᠎ᠢ ᠡᠭᠦᠳᠦᠨ ᠪᠠᠶ᠋ᠢᠭᠤᠯᠬᠤ ᠠᠵᠢᠯ᠎ᠢ ᠪᠠᠢ᠌ᠷᠢᠯᠠᠭᠤᠯᠤᠭᠰᠠᠨ᠎ᠠᠴᠠ ᠨᠠᠭ᠋ᠠᠰᠢ᠂ ᠬᠥᠬᠡᠬᠣᠲᠠ ᠵᠢᠨ ᠦᠴᠤᠸᠠᠨ ᠰᠢᠶᠠᠨ᠂ ᠪᠤᠭᠤᠲᠤ ᠬᠤᠳᠠ ᠵᠢᠨ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤ᠂ ᠬᠥᠯᠥᠨ ᠪᠤᠢ᠍ᠢ᠍ᠷ ᠬᠤᠳᠠ ᠵᠢᠨ ᠮᠤᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ᠂ ᠬᠢᠩᠭ᠋ᠠᠨ ᠠᠶ᠋ᠢᠮᠠᠭ᠎ᠤᠨ ᠲᠦᠴᠢᠦᠸᠠᠨ ᠰᠢᠶᠠᠨ᠂ ᠤᠯᠠᠭ᠋ᠠᠨᠴᠠᠪ ᠬᠣᠲᠠ ᠵᠢᠨ ᠰᠢᠩ ᠾᠧ ᠰᠢᠶᠠᠨ᠂ ᠣᠷᠳᠣᠰ ᠬᠣᠲᠠ ᠵᠢᠨ ᠳ᠋ᠦᠩᠱ᠌ᠧᠩ ᠲᠣᠭᠣᠷᠢᠭ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ 6 ᠭᠠᠵᠠᠷ ᠣᠷᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《 ᠪᠥᠬᠥ ᠤᠯᠤᠰ ᠤᠨ ᠨᠠᠰᠤᠨ᠎ᠳᠤ ᠦᠯᠤ ᠬᠦᠷᠦᠭᠰᠡᠳ ᠢ ᠬᠠᠮᠠᠭ᠋ᠠᠯᠠᠬᠤ ᠵᠢᠱ᠌ᠢᠶ᠎ᠡ ᠦᠵᠡᠬᠦᠯᠬᠦ ᠵᠢ ᠡᠭᠦᠳᠤᠨ ᠪᠠᠢ᠌ᠭᠤᠯᠬᠤ ᠠᠵᠢᠯ᠎ᠢ ᠦᠷᠨᠢᠭᠥᠯᠬᠦ ᠲᠤᠬᠠᠶ ᠠᠷᠠᠳ᠎ᠤᠨ ᠶᠠᠪᠤᠳᠠᠯ᠎ᠤᠨ ᠶᠠᠮᠤᠨ᠎ᠤ ᠮᠡᠳᠡᠭᠳᠡᠯ》 ᠵᠡᠷᠭᠡ ᠱᠠᠭ᠋ᠠᠷᠳᠠᠯᠭ᠎ᠠ ᠶᠤᠰᠤᠭ᠋ᠠᠷ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠲᠣᠭᠲᠠᠴᠠ ᠪᠠᠨ ᠪᠦᠷᠢᠨᠰᠢᠭᠦᠯᠦᠨ ᠂ ᠪᠠᠲᠤᠯᠠᠭ᠎ᠠ ᠵᠢᠨ ᠠᠷᠭ᠎ᠠ ᠬᠡᠮᠵᠢᠶ᠎ᠠ᠎ᠪᠠᠨ ᠲᠡᠭᠦᠯᠳᠡᠷᠵᠢᠭᠦᠯᠵᠤ ᠂ ᠬᠡᠷ ᠪᠦᠯᠢ᠂ ᠰᠤᠷᠭ᠋ᠠᠭᠤᠯᠢ᠂ ᠨᠡᠶ᠋ᠢᠭᠡᠮ᠂ ᠰᠦᠯᠵᠢᠶ᠎ᠡ᠂ ᠵᠠᠰᠠᠭ᠎ᠤᠨ ᠣᠷᠳᠣᠨ᠂ ᠬᠠᠤᠯᠢ ᠴᠠᠭ᠋ᠠᠵᠠ 《ᠵᠢᠷᠭᠤᠭ᠎ᠠ ᠵᠢ ᠨᠢᠭᠡ ᠴᠤᠭᠴᠠᠵᠢᠭᠤᠯᠤᠭᠰᠠᠨ》 ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠰᠢᠰᠲᠸᠮ᠎ᠢ ᠬᠦᠴᠤᠯᠡᠨ ᠪᠠᠢ᠌ᠭᠤᠯᠪᠠ᠃
ᠲᠤᠰ ᠤᠳᠠᠭ᠎ᠠ ᠵᠢᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠨᠡᠯᠡᠯᠳᠡ ᠵᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠨᠠᠮ᠎ᠤᠨ ᠬᠣᠷᠢᠶ᠎ᠠ ᠵᠢᠨ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠰᠤᠷᠭ᠋ᠠᠨ ᠬᠥᠮᠦᠵᠢᠯ᠎ᠤᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠎ᠠ ᠵᠡᠷᠭᠡ 8 ᠪᠦᠷᠢᠯᠳᠦᠬᠦᠨ ᠨᠢᠬᠡᠴᠢ ᠲᠤᠰᠬᠠᠶ ᠬᠥᠮᠦᠨ ᠭᠠᠷᠭ᠋ᠠᠵᠤ ᠰᠢᠯᠭ᠋ᠠᠨ ᠦᠨᠡᠯᠡᠬᠦ ᠳᠤᠭᠤᠶ᠋ᠢᠯᠠᠩ ᠪᠠᠶ᠋ᠢᠭᠤᠯᠵᠤ᠂ 《ᠪᠦᠬᠦ ᠤᠯᠤᠰ᠎ᠤᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠰᠢᠶᠠᠨ (ᠬᠣᠲᠠ᠂ ᠲᠣᠭᠣᠷᠢᠭ᠂ ᠬᠣᠰᠢᠭᠤ)᠎ᠢ ᠡᠭᠦᠳᠦᠨ ᠪᠠᠶ᠋ᠢᠭᠤᠯᠬᠤ ᠪᠠᠷᠢᠮᠵᠢᠶ᠎ᠠ᠎ᠳᠤ ᠬᠦᠷᠭᠡᠬᠦ ᠰᠢᠰᠲ᠋ᠧᠮ (ᠲᠤᠷᠰᠢᠨ ᠬᠡᠷᠡᠭᠵᠢᠭᠦᠯᠬᠦ)》᠂ 《ᠪᠦᠬᠦ ᠤᠯᠤᠰ᠎ᠤᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠰᠢᠶᠠᠨ (ᠬᠣᠲᠠ᠂ ᠲᠣᠭᠣᠷᠢᠭ᠂ ᠬᠣᠰᠢᠭᠤ)᠎ᠢ ᠡᠭᠦᠳᠦᠨ ᠪᠠᠶ᠋ᠢᠭᠤᠯᠬᠤ ᠬᠢᠨᠠᠨ ᠰᠢᠯᠭ᠋ᠠᠬᠤ ᠨᠠᠷᠢᠨ ᠳᠦᠷᠢᠮ》᠎ᠤᠨ ᠶᠣᠰᠣᠭ᠋ᠠᠷ᠂ ᠪᠦᠬᠦ ᠤᠯᠤᠰ᠎ᠤᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠰᠢᠶᠠᠨ (ᠬᠣᠲᠠ᠂ ᠲᠣᠭᠣᠷᠢᠭ᠂ ᠬᠣᠰᠢᠭᠤ)᠎ᠢ ᠡᠭᠦᠳᠦᠨ ᠪᠠᠶ᠋ᠢᠭᠤᠯᠬᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠭᠦᠳᠦᠨ ᠪᠠᠶ᠋ᠢᠭᠤᠯᠬᠤ ᠠᠵᠢᠯ᠎ᠳᠤ ᠦᠨᠡᠯᠡᠯᠲᠡ ᠬᠢᠵᠦ᠂ 《ᠨᠢᠭᠡᠳᠦᠯᠲᠡᠶ ᠲᠣᠬᠢᠷᠠᠭᠤᠯᠬᠤ ᠵᠢ ᠴᠢᠬᠤᠯᠠᠴᠢᠯᠠᠵᠤ᠂ ᠪᠠᠶ᠋ᠢᠴᠠᠭ᠋ᠠᠨ ᠰᠤᠳᠤᠯᠵᠤ ᠬᠢᠨᠠᠨ ᠵᠢᠯᠣᠭᠣᠳᠬᠤ ᠵᠢ ᠴᠢᠩᠭ᠋ᠠᠳᠬᠠᠵᠤ᠂ ᠬᠢᠨᠠᠮᠠᠭ᠋ᠠᠶ ᠦᠨᠡᠯᠡᠨ ᠵᠢᠱ᠌ᠢᠵᠦ ᠰᠢᠯᠭ᠋ᠠᠨ ᠬᠢᠨᠠᠬᠤ》 ᠪᠠ ᠬᠢᠵᠢᠭ᠎ᠤᠨ ᠬᠤᠭᠤᠴᠠᠭ᠋ᠠᠨ᠎ᠳᠤ 《 ᠭᠡᠷᠡᠴᠢᠯᠡᠬᠥ ᠮᠠᠲ᠋ᠧᠷᠢᠶᠠᠯ᠎ᠢ ᠪᠠᠢ᠌ᠴᠠᠭ᠋ᠠᠬᠤ᠂ ᠲᠤᠬᠠᠢ ᠵᠢᠨ ᠲᠠᠯᠠᠪᠠᠢ ᠵᠢ ᠤᠲᠠᠰᠤ ᠪᠤᠶᠤ ᠳᠦᠷᠰᠤ ᠰᠢᠩᠭᠡᠯᠳᠡ᠎ᠪᠠᠷ ᠪᠠᠢ᠌ᠴᠠᠭ᠋ᠠᠨ ᠦᠵᠡᠬᠦ᠂ ᠬᠢᠨᠠᠨ ᠰᠢᠯᠭ᠋ᠠᠬᠰᠠᠳ ᠬᠡᠰᠡᠭ ᠬᠤᠪᠢᠶᠠᠨ ᠬᠡᠮᠵᠢᠶᠡᠯᠡᠵᠤ ᠬᠤᠪᠢ ᠤᠯᠭᠤᠬᠤ》 ᠠᠷᠭ᠎ᠠ᠎ᠪᠠᠷ ᠳᠡᠭᠡᠷ᠎ᠡ ᠳᠤᠷᠠᠳᠤᠭᠰᠠᠨ 6 ᠬᠣᠰᠢᠭᠤ ᠰᠢᠶᠠᠨ ᠤ ᠡᠭᠦᠳᠦᠨ ᠪᠠᠶ᠋ᠢᠭᠤᠯᠬᠤ ᠠᠵᠢᠯ᠎ᠤᠨ ᠰᠢᠯᠭ᠋ᠠᠨ ᠬᠢᠨᠠᠯᠳᠠ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠨᠡᠯᠡᠯᠲᠡ᠎ᠪᠠᠷ ᠳᠡᠮᠵᠢᠨ᠂ ᠪᠥᠬᠥ ᠣᠷᠣᠨ᠎ᠤ ᠵᠡᠭᠦᠨ᠂ ᠳᠤᠮᠳᠠ᠂ ᠪᠠᠷᠠᠭᠤᠨ ᠬᠡᠰᠡᠭ᠎ᠤᠨ ᠡᠯ᠎ᠡ ᠵᠢᠱ᠌ᠢᠶ᠎ᠡ ᠦᠵᠡᠭᠦᠯᠦᠨ ᠡᠭᠦᠳᠤᠨ ᠪᠠᠢ᠌ᠭᠤᠯᠬᠤ ᠭᠠᠵᠠᠷ ᠣᠷᠣᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ ᠵᠢ ᠬᠦᠴᠦᠲᠡᠶ ᠠᠬᠢᠭᠤᠯᠵᠤ᠂ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠪᠦᠬᠦ ᠲᠠᠯ᠎ᠠ ᠵᠢᠨ ᠲᠤᠤᠷ᠎ᠢ ᠪᠠᠢ᠌ᠭᠤᠯᠤᠨ᠂ ᠪᠥᠬᠥ ᠨᠡᠶ᠋ᠢᠭᠡᠮ ᠵᠶ᠋ᠠᠷ ᠵᠶ᠋ᠠᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠢ ᠬᠠᠯᠠᠮᠵᠢᠯᠠᠨ ᠳᠡᠮᠵᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠤᠯᠭ᠋ᠠᠪᠠ᠃