ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠠᠷ ᠵᠦᠪᠰᠢᠶᠡᠷᠡᠭᠥᠯᠦᠭᠡᠳ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠲᠠᠪᠤᠳᠤᠭ᠋ᠠᠷ ᠤᠳᠠᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠲᠥᠪ᠎ᠤᠨ ᠭᠤᠷᠪᠠᠳᠤᠭ᠋ᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠤᠢ᠍ᠢ᠍ᠷ᠎ᠠ ᠵᠢᠨ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠪᠠ᠂ 3 ᠳ᠋ᠤᠭ᠋ᠠᠷ ᠰᠠᠷ᠎ᠠ ᠵᠢᠨ 25᠎ᠤ ᠡᠳᠦᠷ᠂ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ᠎ᠬᠢᠨ ᠮᠠᠨ᠎ᠤ ᠤᠷᠤᠨ᠎ᠳᠤ ᠢᠷᠡᠵᠤ ᠰᠠᠭᠤᠬᠤ ᠲᠤᠬᠠᠢ ᠳᠠᠶ᠋ᠢᠴᠢᠯᠠᠯᠲᠠ ᠵᠢᠨ ᠬᠤᠷᠠᠯ ᠬᠦᠬᠡᠬᠤᠳᠠ᠎ᠳᠤ ᠬᠤᠷᠠᠯᠳᠤᠵᠤ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠬᠤᠸᠠᠩ ᠯᠦᠩ ᠶᠦᠨ᠂ ᠳᠤᠭᠤᠶ᠋ᠢᠯᠠᠩ᠎ᠤᠨ ᠳᠡᠳ᠋ ᠳᠠᠷᠤᠭ᠎ᠠ ᠯᠢᠨ ᠱᠠᠨ ᠴᠢᠩ ᠲᠣᠰ ᠲᠣᠰ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠶᠠᠷᠢᠶ᠎ᠠ ᠲᠠᠯᠪᠢᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠱ᠌ᠢ᠎ᠲᠠᠢ ᠹᠸᠩ ᠳᠠᠶ᠋ᠢᠴᠢᠯᠠᠯᠲᠠ ᠬᠢᠵᠡᠶ᠃
ᠬᠤᠸᠠᠩ ᠯᠦᠩ ᠶᠦᠨ ᠵᠢᠭ᠋ᠠᠬᠰᠠᠨ᠎ᠨᠢ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠬᠦᠨ ᠬᠡᠰᠡᠭ ᠪᠠᠶ᠋ᠢᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠠᠬᠢᠭᠤᠯᠬᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠬᠤ᠎ᠳᠤ ᠴᠢᠭᠯᠡᠯ᠎ᠤᠨ ᠵᠢᠯᠤᠭᠤᠳᠤᠯᠭ᠎ᠠ ᠪᠣᠯᠤᠨ ᠦᠨᠳᠦᠰᠦᠨ ᠵᠢᠷᠤᠮᠯᠠᠯ ᠬᠠᠩᠭ᠋ᠠᠵᠤ᠂ ᠮᠠᠨ᠎ᠤ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠲᠡᠦᠬᠡᠲᠦ ᠴᠢᠨᠠᠷᠲᠠᠢ᠂ ᠡᠷᠭᠢᠯᠲᠡ ᠵᠢᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ ᠬᠤᠪᠢᠷᠠᠯᠲᠠ ᠭᠠᠷᠬᠤ ᠵᠢ ᠠᠬᠢᠭᠤᠯᠵᠠᠢ᠃ ᠤᠢ᠍ᠢ᠍ᠷ᠎ᠠ ᠵᠢᠨ ᠵᠢᠯ᠎ᠠᠴᠠ᠂ ᠰᠢ ᠵᠢᠨ ᠫᠢᠩ ᠶᠡᠷᠦᠩᠬᠡᠢ ᠱᠦᠵᠢ ᠲᠥᠪ᠎ᠤᠨ ᠪᠠ ᠤᠯᠠᠨ ᠤᠯᠤᠰ᠎ᠤᠨ ᠴᠢᠬᠤᠯᠠ ᠬᠤᠷᠠᠯ᠎ᠳᠤ ᠤᠯᠠᠨᠳᠠ ᠣᠷᠣᠯᠴᠠᠭᠰᠠᠨ ᠪᠦᠬᠡᠳ ᠬᠦᠷᠦᠭᠰᠡᠨ ᠭᠠᠵᠠᠷ ᠪᠣᠯᠭ᠋ᠠᠨ᠎ᠳᠤ ᠰᠢᠨᠵᠢᠯᠡᠨ ᠪᠠᠶ᠋ᠢᠴᠠᠭ᠋ᠠᠵᠤ ᠪᠠᠶ᠋ᠢᠴᠠᠭ᠋ᠠᠨ ᠰᠤᠳᠤᠯᠤᠯᠲᠠ ᠬᠢᠬᠦ᠎ᠳᠤ᠎ᠪᠠᠨ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠭᠣᠷᠢᠨ᠎ᠳᠤ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠦ᠂ ᠨᠠᠮ᠎ᠤᠨ ᠲᠥᠪ ᠬᠣᠷᠢᠶᠠᠨ᠎ᠤ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠬᠤ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ ᠪᠣᠯᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠡᠷᠡᠰ ᠵᠤᠷᠢᠭ᠎ᠢ ᠭᠦᠢ᠍ᠴᠡᠳ ᠢᠯᠡᠷᠡᠭᠥᠯᠪᠡ᠃ ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠪᠣᠯ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠵᠢ ᠲᠤᠭᠤᠰᠢᠯᠠᠭᠤᠯᠬᠤ ᠵᠢ ᠠᠬᠢᠭᠤᠯᠬᠤ ᠵᠠᠡᠭᠭᠢᠯᠠᠭ᠎ᠠ ᠵᠢᠨ ᠠᠷᠭ᠎ᠠ ᠪᠤᠯᠬᠤ ᠶᠤᠮ᠃ ᠰᠢ ᠵᠢᠨ ᠫᠢᠩ ᠶᠡᠷᠦᠩᠬᠡᠢ ᠱᠦᠵᠢ ᠬᠢᠨᠠᠨ ᠪᠠᠶ᠋ᠢᠴᠠᠭ᠋ᠠᠬᠤ ᠵᠠᠩᠭᠢᠯᠠᠭ᠎ᠠ ᠵᠢᠨ ᠭᠣᠭᠴᠣᠭ᠎ᠠ ᠨᠢᠬᠡ ᠪᠦᠷᠢ᠂ ᠵᠠᠩᠭᠢᠯᠠᠭ᠎ᠠ ᠵᠢᠨ ᠴᠠᠭ ᠮᠥᠴᠡ ᠪᠣᠯᠭ᠋ᠠᠨ᠎ᠳᠤ᠂ ᠵᠠᠯᠠᠭᠤᠷ᠎ᠢ ᠠᠳᠬᠤᠨ ᠴᠢᠭᠯᠡᠯ᠎ᠢ ᠲᠣᠭᠲᠠᠭ᠋ᠠᠵᠤ᠂ ᠬᠦᠳᠦᠯᠦᠨ ᠳᠠᠭ᠋ᠠᠭᠤᠯᠵᠤ ᠤᠷᠤᠭᠰᠢᠯᠠᠨ᠂ ᠠᠯᠢ ᠤᠯᠠᠨ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠦ᠂ ᠬᠢᠨᠠᠨ ᠪᠠᠶ᠋ᠢᠴᠠᠭ᠋ᠠᠭ᠋ᠠᠳ ᠣᠯᠤᠭᠰᠠᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠵᠤ᠂ ᠴᠢᠩᠭ᠎ᠠ ᠬᠦᠭ ᠠᠶᠠᠰ᠎ᠢ ᠪᠠᠷᠢᠮᠲᠠᠯᠠᠵᠤ᠂ ᠬᠢᠨᠠᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠎ᠠ ᠠᠳᠬᠤᠬᠤ ᠬᠡᠷᠡᠭᠲᠡᠢ ᠭᠡᠵᠦ ᠣᠨᠴᠠᠭ᠋ᠠᠶ᠋ᠢᠯᠠᠨ ᠴᠢᠬᠤᠯᠠᠴᠢᠯᠠᠪᠠ᠃ ᠶᠡᠷᠦᠩᠬᠡᠢ ᠰᠠᠶ᠋ᠢᠳ ᠯᠢ ᠺᠸ ᠴᠢᠶᠠᠩ᠂ ᠳᠡᠳ᠋ ᠶᠡᠷᠦᠩᠬᠡᠢ ᠰᠠᠶ᠋ᠢᠳ ᠬᠠᠨ ᠵᠧᠩ ᠪᠠᠰᠠ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠳᠤ ᠤᠯᠠᠨ ᠤᠳᠠᠭ᠎ᠠ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠰᠢ ᠵᠢᠨ ᠫᠢᠩ ᠶᠡᠷᠦᠩᠬᠡᠶ ᠱᠦᠵᠢ ᠵᠢᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠡ ᠬᠤᠷᠠᠯ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠪᠣᠯᠤᠨ ᠪᠦᠬᠦ ᠤᠯᠤᠰ᠎ᠤᠨ 《ᠬᠣᠶᠠᠷ ᠬᠤᠷᠠᠯ》᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠳᠡᠢ ᠃
ᠬᠤᠸᠠᠩ ᠯᠦᠩ ᠶᠦᠨ ᠴᠢᠬᠤᠯᠠᠴᠢᠯᠠᠭᠰᠠᠨ᠎ᠨᠢ᠂ ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢ ᠰᠠᠶ᠋ᠢᠲᠤᠷ ᠬᠢᠬᠦ᠎ᠳᠤ᠂ ᠡᠷᠬᠡᠪᠰᠢ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠵᠦ᠂ ᠲᠣᠭᠲᠠᠭᠤᠨ᠎ᠤ ᠳᠤᠮᠳᠠ ᠤᠷᠤᠭᠰᠢᠯᠠᠬᠤ ᠵᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠨᠡᠢ᠍ᠢ᠍ᠲᠡ᠎ᠳᠤᠨᠢ ᠬᠠᠷᠠᠭ᠋ᠠᠯᠵᠠᠬᠤ ᠵᠢ ᠪᠠᠷᠢᠮᠲᠠᠯᠠᠵᠤ᠂ ᠴᠢᠩᠭ᠎ᠠ ᠬᠦᠭ ᠠᠶᠠᠰ᠎ᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠶᠣᠰᠣᠭ᠋ᠠᠷ ᠠᠵᠢᠯᠯᠠᠬᠤ ᠵᠢ ᠪᠠᠷᠢᠮᠲᠠᠯᠠᠵᠤ᠂ ᠱᠠᠯᠠᠪᠳᠠᠭᠤᠯᠤᠨ ᠪᠠᠶ᠋ᠢᠴᠠᠭ᠋ᠠᠬᠤ ᠴᠢᠭᠯᠡᠯ ᠪᠤᠯᠤᠨ ᠭᠣᠣᠯᠳᠠᠯᠭ᠎ᠠ ᠵᠢ ᠰᠠᠶ᠋ᠢᠲᠤᠷ ᠡᠵᠡᠮᠳᠡᠬᠦ ᠬᠡᠷᠡᠭᠲᠡᠢ ᠃ ᠱᠠᠯᠠᠪᠳᠠᠭᠤᠯᠤᠨ ᠪᠠᠶ᠋ᠢᠴᠠᠭ᠋ᠠᠬᠤ᠎ᠳᠤ ᠰᠢ ᠵᠢᠨ ᠫᠢᠩ ᠶᠡᠷᠦᠩᠬᠡᠢ ᠱᠦᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ ᠴᠢᠬᠤᠯᠠ ᠵᠢᠭ᠋ᠠᠪᠤᠷᠢ ᠵᠢᠨ ᠴᠣᠬᠣᠯᠠᠪᠤᠷᠢ ᠵᠢ ᠰᠢᠢ᠍ᠳᠪᠦᠷᠢᠯᠡᠭᠰᠡᠨ ᠪᠠᠶ᠋ᠢᠳᠠᠯ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷᠯᠢᠭ ᠬᠥᠭᠵᠢᠯᠲᠡ ᠵᠢ ᠠᠬᠢᠭᠤᠯᠵᠤ ᠪᠠᠶ᠋ᠢᠭ᠎ᠠ ᠪᠠᠶ᠋ᠢᠳᠠᠯ᠂ ᠢᠯᠠᠩᠭᠤᠶ᠎ᠠ 《ᠬᠣᠶᠠᠷ ᠥᠨᠳᠥᠷ》᠎ᠤᠨ ᠲᠥᠷᠥᠯ ᠵᠤᠢ᠌ᠯ᠎ᠢ ᠰᠣᠬᠣᠷ ᠪᠠᠯᠠᠶ᠎ᠪᠠᠷ ᠡᠬᠢᠯᠡᠭᠦᠯᠬᠦ ᠵᠢ ᠴᠢᠩᠭ᠎ᠠ ᠬᠢᠵᠠᠭ᠋ᠠᠷᠯᠠᠵᠤ ᠪᠠᠶ᠋ᠢᠭ᠎ᠠ ᠪᠠ ᠦᠢ᠍ᠯᠡᠳᠪᠤᠷᠢᠯᠡᠯ᠎ᠤᠨ ᠴᠢᠳᠠᠪᠤᠷᠢ ᠵᠢ ᠬᠠᠰᠤᠭᠳᠠᠭᠤᠯᠬᠤ ᠵᠢᠨ 《ᠡᠷᠬᠢᠨ ᠬᠠᠷᠠᠬᠤ》 ᠵᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠂ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠬᠦ ᠶᠠᠪᠤᠴᠠ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠂ ᠴᠢᠬᠤᠯᠠ ᠶᠡᠬᠡ ᠠᠮᠢ ᠠᠬᠤᠢ ᠵᠢᠨ ᠡᠪᠳᠡᠭᠳᠡᠯ᠂ ᠣᠷᠴᠢᠨ ᠲᠣᠭᠣᠷᠢᠨ᠎ᠤ ᠪᠣᠬᠢᠷᠲᠤᠯ᠂ ᠠᠮᠢ ᠠᠬᠤᠢ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠴᠢ ᠰᠢᠢ᠍ᠳᠪᠦᠷᠢᠯᠡᠭᠰᠡᠨ ᠪᠠᠶ᠋ᠢᠳᠠᠯ᠂ ᠲᠦᠷᠤᠬᠦᠤ ᠡᠭᠡᠯᠵᠢ ᠵᠢᠨ ᠱᠠᠯᠠᠪᠳᠠᠭᠤᠯᠤᠨ ᠪᠠᠶ᠋ᠢᠴᠠᠭ᠋ᠠᠬᠤ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠠᠷᠠᠳ ᠤᠯᠠᠨ᠎ᠤ ᠳᠤᠰᠬᠠᠯ ᠳᠤᠪᠤᠢ᠍ᠢ᠍ᠮ᠎ᠠ ᠪᠠᠶ᠋ᠢᠭ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠳᠠᠷᠤᠢ ᠬᠡᠷᠡᠭᠵᠢᠭᠦᠯᠵᠦ ᠳᠠᠷᠤᠢ ᠰᠠᠶ᠋ᠢᠵᠢᠷᠠᠭᠤᠯᠤᠭᠰᠠᠨ ᠪᠠᠶ᠋ᠢᠳᠠᠯ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠵᠡᠯ ᠰᠠᠨᠠᠭ᠎ᠠ ᠲᠠᠨᠢᠯᠲᠠ᠂ ᠠᠵᠢᠯ᠎ᠤᠨ ᠠᠬᠢᠭᠤᠯᠤᠯ ᠪᠠ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠡᠷᠭᠡ᠎ᠳᠤ ᠤᠨᠴᠠᠭ᠋ᠠᠢ᠌ᠯᠠᠨ ᠠᠩᠬᠠᠷᠤᠯ ᠬᠠᠨᠳᠤᠭᠤᠯᠤᠨ᠎ᠠ᠃
ᠱ᠌ᠢ᠎ᠲᠠᠢ ᠹᠸᠩ᠂ ᠬᠣᠶᠠᠳᠤᠭ᠋ᠠᠷ ᠡᠭᠡᠯᠵᠢ ᠵᠢᠨ ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢ ᠥᠷᠨᠢᠭᠦᠯᠬᠦ ᠪᠣᠯ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠪᠣᠳᠠᠲᠠᠢ ᠦᠢ᠍ᠯᠡᠳᠦᠯᠭᠡ ᠮᠥᠨ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠠ ᠮᠥᠨ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠪᠤᠯᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠨᠠᠶ᠋ᠢᠳᠠᠪᠤᠷᠢᠵᠢᠭᠤᠯᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠱᠠᠯᠠᠪᠳᠠᠭᠤᠯᠤᠨ ᠪᠠᠶ᠋ᠢᠴᠠᠭ᠋ᠠᠵᠤ ᠬᠠᠮᠵᠢᠯᠴᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠢ᠃ ᠠᠮᠢ ᠠᠬᠤᠶ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢᠨ᠎ᠬᠢᠨ ᠠᠵᠢᠯ᠎ᠤᠨ ᠲᠣᠬᠢᠷᠠᠭᠤᠯᠤᠯᠲᠠ ᠵᠢ ᠡᠷᠡᠰ ᠵᠢᠷᠤᠮᠯᠠᠨ᠂ ᠪᠠᠶ᠋ᠢᠳᠠᠯ᠎ᠢ ᠲᠠᠨᠢᠯᠴᠠᠭᠤᠯᠬᠤ᠂ ᠮᠠᠲ᠋ᠧᠷᠢᠶᠠᠯ ᠬᠠᠩᠭ᠋ᠠᠬᠤ᠂ ᠵᠣᠬᠢᠴᠠᠭᠤᠯᠤᠨ ᠪᠠᠲᠤᠯᠠᠬᠤ᠂ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠴᠡᠭᠴᠡᠯᠡᠨ ᠰᠠᠶ᠋ᠢᠵᠢᠷᠠᠭᠤᠯᠬᠤ᠂ ᠮᠡᠳᠡᠭᠡ ᠵᠠᠩᠭᠢ ᠵᠢ ᠢᠯᠡ ᠪᠣᠯᠭ᠋ᠠᠬᠤ ᠵᠡᠷᠭᠡ ᠠᠵᠢᠯ᠎ᠢ ᠰᠠᠶ᠋ᠢᠲᠤᠷ ᠬᠢᠵᠦ᠂ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠠᠵᠢᠯ᠎ᠢ ᠤᠷᠤᠭᠰᠢᠲᠠᠶ ᠠᠬᠢᠭᠤᠯᠵᠤ᠂ ᠪᠤᠳᠠᠳᠠᠢ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢ ᠬᠦᠯᠢᠶᠡᠬᠦ᠎ᠪᠠᠷ ᠠᠵᠠ ᠲᠣᠬᠢᠶᠠᠯ ᠪᠣᠯᠭ᠋ᠠᠵᠤ᠂ ᠯᠠᠪᠳᠠᠭᠤᠨ ᠪᠠᠲᠤᠲᠠᠶ ᠠᠵᠢᠯᠯᠠᠬᠤ ᠬᠡᠷᠡᠭᠲᠡᠶ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠬᠤᠷᠢᠳᠤᠭ᠋ᠠᠷ ᠶᠡᠬᠡ ᠬᠤᠷᠠᠯ᠎ᠤᠨ ᠢᠯᠠᠯᠲᠠ ᠬᠤᠷᠠᠯᠳᠤᠬᠤ ᠵᠢ ᠤᠭᠳᠤᠶ᠎ᠠ ᠭᠡᠮᠡᠨ ᠢᠯᠡᠷᠬᠡᠢ᠌ᠯᠡᠪᠡ᠃
ᠬᠤᠷᠠᠯ ᠳᠡᠭᠡᠷ᠎ᠡ᠂ ᠯᠢᠨ ᠱᠠᠨ ᠴᠢᠩ ᠱᠠᠯᠠᠪᠳᠠᠭᠤᠯᠤᠨ ᠪᠠᠶ᠋ᠢᠴᠠᠭ᠋ᠠᠵᠤ ᠬᠠᠮᠵᠢᠯᠴᠠᠬᠤ᠂ ᠱᠠᠯᠠᠪᠳᠠᠭᠤᠯᠤᠨ ᠪᠠᠶ᠋ᠢᠴᠠᠭ᠋ᠠᠬᠤ ᠵᠢᠨ ᠳᠠᠭ᠋ᠠᠤ ᠬᠠᠯᠠᠨ ᠰᠠᠶ᠋ᠢᠵᠢᠷᠠᠭᠤᠯᠬᠤ᠂ ᠮᠡᠳᠡᠭᠡ ᠵᠠᠩᠭᠢ ᠵᠢ ᠢᠯᠡ ᠪᠣᠯᠭ᠋ᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠶᠣᠰᠣᠭ᠋ᠠᠷ ᠱᠠᠯᠠᠪᠳᠠᠭᠤᠯᠤᠨ ᠪᠠᠶ᠋ᠢᠴᠠᠭ᠋ᠠᠬᠤ ᠵᠡᠷᠭᠡ ᠠᠵᠢᠯ᠎ᠢ ᠰᠠᠶ᠋ᠢᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠤᠭᠰᠠᠨ ᠪᠥᠭᠡᠳ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠬᠦ ᠭᠡᠰᠢᠭᠦᠳ 《ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠰᠠᠬᠢᠯᠭ᠎ᠠ ᠪᠠᠲᠤ ᠵᠢᠨ ᠲᠣᠭᠲᠠᠭ᠋ᠠᠯ》 ᠢ ᠴᠢᠩᠭ᠎ᠠ ᠬᠡᠷᠡᠭᠵᠢᠭᠥᠯᠬᠦ᠂ ᠱᠠᠯᠠᠪᠳᠠᠭᠤᠯᠤᠨ ᠪᠠᠶ᠋ᠢᠴᠠᠭ᠋ᠠᠭᠳᠠᠵᠤ ᠪᠠᠶ᠋ᠢᠭ᠎ᠠ ᠭᠠᠵᠠᠷ ᠣᠷᠣᠨ ᠪᠠ ᠨᠡᠶ᠋ᠢᠭᠡᠮ᠎ᠤᠨ ᠬᠢᠨᠠᠯᠲᠠ ᠵᠢ ᠬᠦᠯᠢᠶᠡᠬᠥ ᠣᠪᠣᠷ ᠵᠶ᠋ᠠᠨ ᠢᠯᠡᠳᠬᠡᠵᠡᠢ᠃ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠬᠦ ᠪᠦᠷᠢᠯᠳᠦᠬᠦᠨ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠯᠪᠠᠨ ᠭᠡᠷ᠎ᠤᠨ ᠬᠠᠮᠢᠶ᠎ᠠ ᠪᠦᠬᠦᠢ ᠬᠥᠮᠦᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠤᠳᠤᠷᠢᠳᠬᠤ ᠨᠥᠬᠥᠳ ᠬᠤᠷᠠᠯ᠎ᠳᠤ ᠣᠷᠣᠯᠴᠠᠪᠠ᠃ ᠡᠯ᠎ᠡ ᠬᠣᠲᠠ (ᠠᠶ᠋ᠢᠮᠠᠭ) ᠵᠢᠨ ᠨᠠᠮ ᠵᠠᠰᠠᠭ᠎ᠤᠨ ᠤᠳᠤᠷᠢᠳᠬᠤ ᠨᠥᠬᠥᠳ ᠸᠢᠳᠢᠤ᠋ ᠵᠢᠨ ᠬᠤᠷᠠᠯ ᠵᠶ᠋ᠠᠷ ᠳᠡᠮᠵᠢᠨ ᠬᠤᠷᠠᠯ᠎ᠳᠤ ᠰᠤᠯᠠ ᠣᠷᠣᠯᠴᠠᠪᠠ᠃
ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠪᠡᠯ᠂ ᠲᠥᠪ᠎ᠤᠨ ᠭᠤᠷᠪᠠᠳᠤᠭ᠋ᠠᠷ ᠠᠮᠢ ᠠᠬᠤᠶ ᠵᠢᠨ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠱᠠᠯᠠᠪᠳᠠᠭᠤᠯᠤᠨ ᠪᠠᠶ᠋ᠢᠴᠠᠭ᠋ᠠᠯᠲᠠ ᠵᠢᠨ᠎ᠬᠢᠨ ᠮᠠᠨ᠎ᠤ ᠤᠷᠤᠨ᠎ᠳᠤ 2022 ᠣᠨ᠎ᠤ 3 ᠰᠠᠷ᠎ᠠ ᠵᠢᠨ 25᠎ᠤ ᠡᠳᠦᠷ — 4 ᠰᠠᠷ᠎ᠠ ᠵᠢᠨ 25᠎ᠤ ᠡᠳᠦᠷ ᠪᠤᠯᠳᠠᠯ᠎ᠠ1 ᠰᠠᠷ᠎ᠠ ᠰᠠᠭᠤᠨ᠎ᠠ᠃ ᠡᠨᠡ ᠬᠦ᠌ ᠬᠤᠭᠤᠴᠠᠭ᠋ᠠᠨ᠎ᠤ ᠲᠤᠰᠬᠠᠶ ᠳ᠋ᠢᠶᠠᠩᠬᠤᠸᠠ᠄ 0471 — 6960015᠂ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ A900 ᠨᠣᠮᠧᠷᠲᠤ ᠰᠢᠤᠳᠠᠨ᠎ᠤ ᠵᠠᠬᠢᠳᠠᠯ᠎ᠤᠨ ᠬᠠᠶ᠋ᠢᠷᠴᠠᠭ᠃ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠡᠳᠦᠷ ᠪᠦᠷᠢ ᠵᠢᠨ 8᠄ 00 — 20᠄ 00᠎ᠤᠨ ᠬᠤᠭᠤᠷᠤᠨᠳᠤ ᠢᠯᠡᠴᠢᠯᠡᠨ ᠮᠡᠳᠡᠬᠦᠯᠬᠦ ᠵᠢ ᠤᠳᠠᠰᠤ᠎ᠪᠠᠷ ᠬᠦᠯᠢᠶᠡᠨ ᠠᠪᠤᠨ᠎ᠠ ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠱᠠᠭ᠋ᠠᠷᠳᠠᠯᠭ᠎ᠠ ᠪᠠ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠡᠭᠦᠷᠭᠡ ᠬᠠᠷᠢᠭᠤᠴᠠᠯᠭ᠎ᠠ ᠵᠢ ᠦᠨᠳᠦᠰᠦᠯᠡᠨ᠂ ᠲᠥᠪ᠎ᠤᠨ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠨᠢ ᠭᠣᠤᠯᠳᠠᠭᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ ᠵᠢᠨ ᠵᠠᠬᠢᠳᠠᠯ ᠴᠢᠮᠡᠭᠡ᠂ ᠵᠠᠬᠢᠳᠠᠯ᠎ᠤᠨ ᠬᠦᠷᠢᠶ᠎ᠡ ᠬᠡᠪᠴᠢᠶᠡᠨ᠎ᠤ ᠵᠠᠬᠢᠳᠠᠯ ᠰᠤᠷᠪᠤᠯᠵᠢᠯᠠᠭ᠎ᠠ ᠵᠢᠨ ᠢᠯᠡᠴᠢᠯᠡᠨ ᠮᠡᠳᠡᠭᠦᠯᠬᠦ ᠰᠡᠳᠦᠪ᠎ᠢ ᠲᠣᠭᠲᠠᠭ᠋ᠠᠯ ᠶᠣᠰᠣᠭ᠋ᠠᠷ ᠱᠠᠯᠠᠪᠳᠠᠭᠤᠯᠤᠨ ᠪᠠᠶ᠋ᠢᠴᠠᠭ᠋ᠠᠭᠳᠠᠬᠤ ᠭᠠᠵᠠᠷ ᠣᠷᠣᠨ᠎ᠳᠤ ᠲᠤᠰᠢᠶᠠᠨ ᠥᠭᠴᠦ ᠰᠢᠢ᠍ᠳᠪᠤᠷᠢᠯᠡᠭᠦᠯᠦᠨᠡ᠃