5 ᠳ᠋ᠤᠭ᠋ᠠᠷ ᠰᠠᠷ᠎ᠠ ᠵᠢᠨ 31᠎ᠤ ᠡᠳᠦᠷ᠎ᠤᠨ ᠦᠳᠡ ᠵᠢᠨ ᠡᠮᠦᠨ᠎ᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠂ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠮᠲᠤᠷᠠᠨ ᠡᠷᠭᠢᠯᠡᠭᠰᠡᠨ 《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ᠂ ᠢᠷᠡᠭᠡᠳᠦᠢ᠎ᠪᠠᠨ ᠰᠡᠳᠬᠢᠯ ᠨᠢᠭᠡᠳᠦᠨ ᠬᠠᠮᠠᠭ᠋ᠠᠯᠠᠬᠤ》 ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢᠩᠬᠢᠨᠢ᠎ᠪᠠᠷ ᠡᠬᠢᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠳᠠᠷᠤᠭ᠎ᠠ ᠴᠢ ᠪᠠᠳᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠳᠠᠷᠤᠭ᠎ᠠ ᠰᠦᠨ ᠯᠢ ᠵᠢᠶᠠᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠠᠷᠤᠭ᠎ᠠ᠂ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠳᠠᠷᠤᠭ᠎ᠠ᠂ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠡᠷᠬᠢᠯᠡᠭᠴᠢ ᠵᠢᠶᠠᠩ ᠬᠣᠩ᠂ ᠬᠥᠬᠡᠬᠣᠲᠠ ᠵᠢᠨ ᠳᠡᠳ᠋ ᠳᠠᠷᠤᠭ᠎ᠠ᠂ ᠬᠦᠬᠡᠬᠤᠳᠠ ᠵᠢᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠰᠢᠶᠣᠣ ᠹᠠᠩ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠪᠠᠢ᠌ᠩᠭᠤ ᠵᠢᠨ ᠳᠡᠳ᠋ ᠡᠷᠬᠢᠯᠡᠭᠴᠢ ᠭᠣᠸ᠋ ᠵᠢᠶᠠᠨ ᠬᠤᠸᠠ ᠡᠬᠢᠯᠡᠯᠲᠡ ᠵᠢᠨ ᠶᠤᠰᠤᠯᠠᠯ᠎ᠢ ᠡᠷᠬᠢᠯᠡᠪᠡ᠃
ᠲᠣᠰ ᠤᠳᠠᠭ᠋ᠠᠨ᠎ᠤ ᠠᠵᠢᠯᠯᠠᠭ᠎ᠠ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠤᠬᠠᠢ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ ᠵᠢ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠵᠢ ᠭᠦᠨᠵᠡᠭᠡᠢ ᠠᠬᠢᠭᠤᠯᠵᠤ᠂ ᠨᠠᠰᠤᠨ᠎ᠳᠤ ᠥᠯᠥ ᠭᠦᠷᠦᠭᠰᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠵᠢ ᠪᠥᠬᠥ ᠨᠡᠢ᠌ᠭᠡᠮ ᠵᠶ᠋ᠡᠷ ᠵᠶ᠋ᠡᠨ ᠬᠠᠯᠠᠮᠵᠢᠯᠠᠬᠤ ᠠᠭᠤᠷ ᠠᠮᠢᠰᠬᠤᠯ᠎ᠢ ᠤᠯᠠᠮ ᠨᠢᠬᠡ ᠠᠯᠬᠤᠮ ᠪᠦᠷᠢᠯᠳᠤᠬᠦᠯᠬᠦ ᠪᠤᠯᠤᠨ᠎ᠠ᠃
ᠠᠵᠢᠯᠯᠠᠭ᠎ᠠ᠎ᠠᠴᠠ ᠱᠠᠭ᠋ᠠᠷᠳᠠᠬᠰᠠᠨ᠎ᠨᠢ᠂ ᠪᠦᠬᠦ ᠣᠷᠣᠨ᠎ᠤ ᠡᠯ᠎ᠡ ᠱᠠᠲᠤᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠂ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠠᠵᠢᠯ ᠵᠶ᠋ᠠᠨ ᠬᠤᠪᠢᠶᠠᠷᠢᠯᠠᠨ ᠬᠠᠮᠵᠢᠯᠴᠠᠬᠤ᠂ ᠨᠠᠢ᠌ᠳᠠᠪᠤᠷᠢᠵᠢᠭᠤᠯᠬᠤ ᠵᠢ ᠠᠬᠢᠭᠤᠯᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠭᠡᠷ ᠪᠦᠯᠢ᠂ ᠰᠤᠷᠭ᠋ᠠᠭᠤᠯᠢ᠂ ᠨᠡᠢ᠌ᠭᠡᠮ᠂ ᠰᠦᠯᠵᠢᠶ᠎ᠡ᠂ ᠵᠠᠰᠠᠭ᠎ᠤᠨ ᠣᠷᠳᠣᠨ᠂ ᠬᠠᠤᠯᠢ ᠴᠠᠭ᠋ᠠᠵᠠ 《ᠵᠢᠷᠭᠤᠭ᠎ᠠ ᠵᠢ ᠨᠢᠭᠡ ᠴᠣᠭᠴᠠᠵᠢᠭᠤᠯᠤᠭᠰᠠᠨ》 ᠰᠢᠨ᠎ᠡ ᠴᠠᠭ ᠦᠶ᠎ᠡ ᠵᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠪᠠᠢ᠌ᠷᠢᠰᠢᠯ᠎ᠢ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠩ ᠰᠢᠰᠲᠸᠮᠵᠢᠬᠰᠠᠨ ᠲᠡᠭᠦᠯᠳᠡᠷᠵᠢᠭᠰᠡᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠰᠢᠰᠲ᠋ᠧᠮ᠎ᠢ ᠲᠠᠰᠤᠷᠠᠯᠲᠠ ᠦᠭᠡᠢ ᠪᠦᠷᠢᠨᠰᠢᠭᠦᠯᠵᠦ᠂ ᠨᠠᠰᠤᠨ᠎ᠳᠤ ᠥᠯᠥ ᠭᠦᠷᠦᠭᠰᠡᠳ᠎ᠤᠨ ᠦᠰᠦᠨ ᠪᠣᠢ᠌ᠵᠢᠵᠤ ᠴᠢᠳᠠᠪᠤᠷᠢᠲᠠᠨ ᠪᠣᠯᠬᠤ᠎ᠳᠤ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠪᠣᠶ ᠪᠤᠯᠭ᠋ᠠᠬᠤ ᠬᠡᠷᠡᠭᠲᠡᠢ᠃
ᠠᠵᠢᠯᠯᠠᠭ᠎ᠠ᠎ᠠᠴᠠ᠂ ᠪᠦᠬᠦ ᠣᠷᠣᠨ᠎ᠤ ᠨᠠᠰᠤᠨ᠎ᠳᠤ ᠦᠯᠦ ᠬᠦᠷᠦᠭᠰᠡᠳ ᠰᠢ ᠵᠢᠨ ᠫᠢᠩ ᠶᠡᠷᠦᠩᠬᠡᠢ ᠱᠦᠵᠢ ᠵᠢᠨ ᠴᠢᠩ ᠰᠡᠳᠬᠢᠯ᠎ᠤᠨ ᠨᠠᠶ᠋ᠢᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ 《ᠨᠠᠮ ᠰᠠᠨᠠᠭ᠎ᠠ ᠠᠮᠤᠷ ᠪᠠᠢ᠌ᠭ᠋ᠠᠷᠠᠢ᠂ ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢ ᠪᠠᠢ᠌ᠨ᠎ᠠ》 ᠬᠡᠬᠦ ᠠᠭᠤᠤ ᠶᠡᠬᠡ ᠤᠷᠢᠶᠠᠯᠠᠭ᠎ᠠ ᠵᠢ ᠢᠳᠡᠪᠬᠢᠲᠡᠢ ᠴᠤᠤᠷᠢᠶᠠᠲᠤᠨ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ ᠵᠣᠷᠢᠭ ᠵᠶ᠋ᠠᠨ ᠪᠠᠲᠤᠳᠬᠠᠵᠤ᠂ ᠬᠦᠰᠡᠯᠡᠩ᠎ᠲᠠᠢ ᠪᠣᠯᠵᠤ᠂ ᠰᠢᠷᠭ᠋ᠠᠭᠤ ᠬᠠᠲᠠᠭᠤᠵᠢᠯᠲᠠᠢ ᠰᠤᠷᠤᠯᠴᠠᠵᠤ᠂ ᠵᠠᠩ ᠰᠤᠷᠲᠠᠯ ᠵᠶ᠋ᠠᠨ ᠳᠠᠪᠲᠠᠨ ᠪᠣᠯᠪᠠᠰᠤᠷᠠᠭᠤᠯᠵᠤ᠂ ᠡᠷᠳᠡᠮ ᠴᠢᠳᠠᠪᠤᠷᠢ᠎ᠪᠠᠨ ᠳᠡᠭᠡᠭᠰᠢᠯᠡᠭᠦᠯᠵᠦ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠬᠥᠳᠡᠯᠮᠦᠷᠢ ᠵᠡᠷᠬᠡ ᠪᠦᠬᠦ ᠲᠠᠯ᠎ᠠ ᠵᠢᠨ ᠬᠥᠭᠵᠢᠯᠲᠡ ᠵᠢ ᠴᠢᠷᠮᠠᠢ᠌ᠨ ᠪᠡᠶᠡᠯᠡᠭᠦᠯᠵᠦ᠂ ᠵᠠᠯᠠᠭᠤ ᠨᠠᠰᠤᠨ᠎ᠤ ᠤᠷᠤᠭᠰᠢᠯᠠᠯᠲᠠ ᠵᠢᠨ ᠰᠢᠨ᠎ᠡ ᠠᠶᠠᠨ ᠵᠠᠮ᠎ᠳᠤ ᠭᠡᠷᠡᠯ ᠬᠢᠯᠪᠠᠭ᠎ᠠ᠎ᠪᠠᠨ ᠰᠠᠴᠤᠷᠠᠭᠤᠯᠤᠭ᠋ᠠᠷᠠᠢ ᠭᠡᠵᠤ ᠤᠷᠢᠶᠠᠯᠠᠬᠰᠠᠨ ᠪᠠᠢ᠌ᠨ᠎ᠠ ᠃
ᠠᠵᠢᠯᠯᠠᠭ᠎ᠠ᠎ᠠᠴᠠ᠂ ᠭᠡᠷ ᠪᠦᠯᠢ᠂ ᠰᠤᠷᠭ᠋ᠠᠭᠤᠯᠢ ᠪᠣᠯᠣᠨ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠢᠳᠡᠪᠬᠢᠲᠡᠢ ᠬᠥᠳᠡᠯᠦᠯᠴᠡᠵᠦ᠂ ᠰᠡᠳᠬᠢᠯ ᠵᠶ᠋ᠡᠨ ᠨᠢᠭᠡᠳᠬᠡᠨ ᠬᠦᠴᠦᠨ ᠵᠶ᠋ᠡᠨ ᠬᠠᠮᠲᠤᠳᠬᠠᠵᠤ᠂ ᠵᠡᠷᠬᠡ᠎ᠪᠠᠷ ᠠᠳᠬᠤᠨ ᠬᠠᠮᠳᠤ᠎ᠪᠠᠷ ᠬᠠᠮᠢᠶᠠᠷᠴᠤ᠂ ᠨᠠᠰᠤᠨ᠎ᠳᠤ ᠦᠯᠦ ᠬᠦᠷᠦᠭᠰᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠵᠢ ᠬᠠᠮᠳᠤ᠎ᠪᠠᠷ ᠬᠠᠯᠠᠮᠵᠢᠯᠠᠨ ᠬᠠᠮᠠᠭ᠋ᠠᠯᠠᠵᠤ᠂ ᠪᠦᠬᠦ ᠲᠠᠯ᠎ᠠ᠎ᠪᠠᠷ ᠬᠥᠭᠵᠢᠭᠰᠡᠨ ᠨᠡᠢ᠌ᠭᠡᠮ ᠵᠢᠷᠤᠮ᠎ᠤᠨ ᠪᠦᠲᠦᠭᠡᠨ ᠪᠠᠢ᠌ᠭᠤᠯᠤᠭᠴᠢ ᠪᠣᠯᠣᠨ ᠵᠠᠯᠭ᠋ᠠᠮᠵᠢᠯᠠᠭᠴᠢ ᠵᠢ ᠬᠥᠮᠥᠵᠢᠭᠦᠯᠬᠦ᠎ᠳᠤ ᠨᠡᠩ ᠶᠡᠬᠡ ᠬᠤᠪᠢ ᠨᠡᠮᠡᠷᠢ ᠪᠠᠨ ᠦᠵᠡᠬᠦᠯᠳᠤᠬᠡᠢ ᠭᠡᠵᠤ ᠰᠠᠨᠠᠭ᠋ᠠᠴᠢᠯᠠᠪᠠ᠃
ᠡᠬᠢᠯᠡᠯᠲᠡ ᠵᠢᠨ ᠶᠣᠰᠣᠯᠠᠯ ᠳᠡᠭᠡᠷ᠎ᠡ᠂ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠹᠢᠯᠢᠮ᠎ᠢ ᠦᠵᠡᠭᠦᠯᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠤ ᠲᠥᠯᠥᠭᠡᠯᠡᠭᠴᠢᠳ᠎ᠲᠤ ᠤᠷᠢᠯᠭ᠎ᠠ ᠵᠢᠨ ᠪᠢᠴᠢᠭ ᠣᠯᠭᠣᠵᠤ᠂ ᠥᠪᠥᠷ ᠮᠣᠩᠭᠣᠯ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠬᠥᠭᠵᠢᠯᠲᠡ ᠵᠢᠨ ᠰᠠᠭᠤᠷᠢ ᠮᠥᠩᠭᠥᠨ᠎ᠤ ᠨᠡᠢ᠌ᠭᠡᠮᠯᠢᠭ ᠵᠡᠷᠭᠡ ᠪᠤᠶᠠᠨᠰᠠᠭ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠲᠤᠬᠠᠢ ᠵᠢᠨ ᠲᠠᠯᠠᠪᠠᠢ᠎ᠳᠤ ᠬᠨᠨᠳᠢᠪ ᠡᠷᠬᠦᠵᠤ᠂ ᠬᠥᠬᠡᠬᠣᠲᠠ ᠵᠢᠨ ᠬᠣᠲᠣᠩ ᠲᠣᠭᠣᠷᠢᠭ᠎ᠤᠨ ᠨᠠᠰᠤᠨ᠎ᠳᠤ ᠦᠯᠦ ᠬᠦᠷᠦᠭᠰᠡᠳ᠎ᠢ ᠰᠤᠷᠭ᠋ᠠᠨ ᠬᠥᠮᠥᠵᠢᠭᠦᠯᠵᠦ ᠬᠠᠮᠠᠭ᠋ᠠᠯᠠᠬᠤ ᠰᠠᠭᠤᠷᠢᠨ ᠵᠶ᠋ᠠᠷ ᠲᠣᠭᠣᠷᠢᠨ ᠦᠵᠡᠪᠡ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠬᠡᠰᠡᠭ ᠪᠦᠷᠢᠯᠳᠦᠭᠦᠨ ᠨᠢᠬᠡᠴᠢ ᠵᠢᠨ ᠬᠠᠷᠢᠭᠤᠴᠠᠯᠭ᠋ᠠᠲᠠᠨ᠂ ᠬᠥᠬᠡᠬᠣᠲᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠬᠥᠬᠡᠬᠣᠲᠠ ᠵᠢᠨ ᠬᠡᠰᠡᠭ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠳᠡᠳ᠋ ᠵᠠᠬᠢᠷᠤᠯ᠂ ᠰᠣᠷᠣᠭᠴᠢ ᠪᠤᠯᠤᠨ ᠭᠡᠷ᠎ᠤᠨ ᠠᠬᠠᠮᠠᠳ᠂ ᠰᠠᠢ᠌ᠨ ᠲᠤᠷᠠᠴᠤᠤᠯ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠬᠠᠢ ᠮᠡᠷᠭᠡᠵᠢᠯ᠎ᠤᠨ ᠨᠡᠢ᠌ᠭᠡᠮ᠎ᠤᠨ ᠠᠵᠢᠯᠲᠠᠨ 100 ᠭᠠᠷᠤᠢ ᠬᠥᠮᠥᠨ ᠠᠵᠢᠯᠯᠠᠭ᠎ᠠ᠎ᠳᠤ ᠣᠷᠣᠯᠴᠠᠵᠠᠢ᠃
ᠲᠣᠰ ᠡᠳᠦᠷ ᠡᠯ᠎ᠡ ᠠᠢ᠌ᠮᠠᠭ ᠬᠣᠲᠠ ᠵᠢᠨ᠎ᠬᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠵᠡᠷᠬᠡ᠎ᠪᠠᠷ ᠡᠬᠢᠯᠡᠭᠦᠯᠦᠭᠰᠡᠨ ᠪᠥᠭᠡᠳ ᠣᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ ᠪᠠᠶᠠᠯᠢᠭ ᠠᠭᠤᠯᠭ᠎ᠠ ᠪᠦᠬᠦᠢ ᠤᠯᠠᠨ ᠶᠠᠡᠭᠵᠤ ᠵᠢᠨ ᠠᠵᠢᠯᠯᠠᠭ᠎ᠠ ᠵᠢ ᠥᠷᠨᠢᠭᠦᠯᠪᠡ᠃