ᠯᠢ ᠪᠢᠩ ᠷᠦᠩ ᠶᠠᠷᠢᠶ᠎ᠠ ᠲᠠᠯᠪᠢᠵᠠᠢ
5 ᠳ᠋ᠤᠭ᠋ᠠᠷ ᠰᠠᠷ᠎ᠠ ᠵᠢᠨ 27᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠪᠠ ᠴᠠᠭ ᠠᠭᠤᠷ᠎ᠤᠨ ᠭᠠᠮᠰᠢᠭ᠎ᠢ ᠰᠡᠷᠬᠡᠢ᠌ᠯᠡᠬᠦ ᠵᠢᠯᠤᠭᠣᠳᠬᠤ ᠭᠠᠵᠠᠷ ᠪᠥᠬᠥ ᠤᠯᠤᠰ᠎ᠤᠨ ᠴᠠᠭ ᠠᠭᠤᠷ᠎ᠤᠨ ᠠᠵᠢᠯ᠎ᠤᠨ ᠴᠢᠨᠠᠷᠯᠢᠭ ᠬᠥᠭᠵᠢᠯᠲᠡ ᠵᠢᠨ ᠲᠤᠬᠠᠢ ᠲᠧᠯᠸᠢᠰ ᠳ᠋ᠢᠶᠠᠩᠬᠤᠸᠠ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠪᠠ 2022 ᠣᠨ᠎ᠤ ᠪᠥᠬᠥ ᠣᠷᠣᠨ᠎ᠤ ᠴᠠᠭ ᠠᠭᠤᠷ᠎ᠤᠨ ᠭᠠᠮᠰᠢᠭ᠎ᠢ ᠰᠡᠷᠬᠡᠢ᠌ᠯᠡᠬᠦ ᠠᠵᠢᠯ᠎ᠤᠨ ᠸᠢᠳᠢᠤ᠋ ᠬᠤᠷᠠᠯ ᠬᠤᠷᠠᠯᠳᠤᠭᠤᠯᠵᠤ᠂ ᠪᠥᠬᠥ ᠵᠢᠯ᠎ᠤᠨ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠪᠠ ᠴᠠᠭ ᠠᠭᠤᠷ᠎ᠤᠨ ᠭᠠᠮᠰᠢᠭ᠎ᠢ ᠰᠡᠷᠬᠡᠢ᠌ᠯᠡᠬᠦ ᠵᠢ ᠵᠢᠯᠤᠭᠣᠳᠬᠤ ᠭᠠᠵᠠᠷ᠎ᠤᠨ ᠶᠡᠷᠦᠩᠬᠡᠢ ᠵᠢᠯᠣᠭᠣᠳᠤᠭᠴᠢ ᠯᠢ ᠪᠢᠩ ᠷᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠯᠢ ᠪᠢᠩ ᠷᠦᠩ ᠵᠢᠭ᠋ᠠᠬᠰᠠᠨ᠎ᠨᠢ᠂ ᠪᠠᠢ᠌ᠯᠳᠤᠬᠤ ᠪᠣᠳᠣᠯᠭ᠎ᠠ ᠪᠣᠯᠣᠨ ᠪᠦᠬᠦ ᠲᠠᠯ᠎ᠠ ᠵᠢᠨ ᠥᠨᠳᠥᠷᠴᠡ᠎ᠠᠴᠠ ᠴᠠᠭ ᠠᠭᠤᠷ᠎ᠤᠨ ᠠᠵᠢᠯ᠎ᠤᠨ ᠴᠢᠨᠠᠷᠯᠢᠭ ᠬᠥᠭᠵᠢᠯᠲᠡ ᠵᠢ ᠲᠠᠨᠢᠨ ᠠᠬᠢᠭᠤᠯᠵᠤ᠂ ᠴᠠᠭ ᠠᠭᠤᠷ᠎ᠤᠨ ᠭᠠᠮᠰᠢᠭ᠎ᠤᠨ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠢ᠌ᠯᠡᠬᠦ ᠠᠵᠢᠯ᠎ᠢ ᠡᠳᠦᠷ ᠳᠤᠳᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠬᠦᠴᠦᠲᠡᠢ ᠠᠷᠭ᠎ᠠ ᠂ ᠪᠦᠲᠦᠮᠵᠢᠲᠡᠢ ᠠᠵᠢᠯᠯᠠᠭ᠎ᠠ᠎ᠪᠠᠷ ᠠᠵᠢᠯ ᠵᠶ᠋ᠡᠨ ᠨᠠᠷᠢᠯᠢᠭ ᠪᠤᠳᠠᠳᠠᠢ ᠠᠳᠬᠤᠬᠤ ᠬᠡᠷᠡᠭᠲᠡᠢ᠃
ᠯᠢ ᠪᠢᠩ ᠷᠦᠩ ᠴᠢᠬᠤᠯᠠᠴᠢᠯᠠᠭᠰᠠᠨ᠎ᠨᠢ᠂ ᠬᠣᠯᠪᠣᠭᠳᠠᠯ ᠪᠦᠬᠦᠢ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠤᠷᠢᠳᠴᠢᠯᠠᠨ ᠮᠡᠳᠡᠭᠡᠯᠡᠬᠦ ᠰᠡᠷᠡᠮᠵᠢᠯᠡᠭᠦᠯᠬᠦ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠵᠦ᠂ ᠴᠠᠭ ᠠᠭᠤᠷᠤᠨᠬᠢᠨᠤ ᠲᠠᠷᠢᠶᠠᠯᠠᠩ᠎ᠳᠤ ᠦᠢ᠍ᠯᠡᠴᠢᠯᠡᠬᠦ ᠠᠵᠢᠯ᠎ᠢ ᠰᠠᠢ᠌ᠲᠤᠷ ᠠᠳᠬᠤᠵᠤ᠂ ᠬᠥᠮᠥᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠠᠵᠢᠯ᠎ᠢ ᠠᠬᠢᠭᠤᠯᠵᠤ᠂ ᠴᠠᠭ ᠠᠭᠤᠷ᠎ᠤᠨ ᠭᠠᠮᠰᠢᠭ᠎ᠤᠨ ᠲᠤᠬᠠᠢ ᠪᠠᠢ᠌ᠭᠤᠯᠤᠮᠵᠢ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠴᠠᠭ ᠠᠭᠤᠷ᠎ᠤᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢᠨ ᠣᠳᠣᠬᠢᠴᠢᠯᠠᠯᠲᠠ᠎ᠪᠠᠷ ᠴᠠᠭ ᠠᠭᠤᠷ᠎ᠤᠨ ᠠᠵᠢᠯ᠎ᠤᠨ ᠴᠢᠨᠠᠷᠯᠢᠭ ᠬᠥᠭᠵᠢᠯᠲᠡ ᠵᠢ ᠳᠠᠭ᠋ᠠᠭᠤᠯᠬᠤ ᠬᠡᠷᠡᠭᠲᠡᠢ᠃
ᠯᠢ ᠪᠢᠩ ᠷᠦᠩ ᠱᠠᠭ᠋ᠠᠷᠳᠠᠬᠰᠠᠨ᠎ᠨᠢ᠂ ᠦᠨᠤ ᠵᠢᠯ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢ ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠵᠤ᠂ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠵᠦ ᠪᠠᠭ᠋ᠠᠰᠬᠠᠬᠤ ᠠᠵᠢᠯ᠎ᠢ ᠠᠬᠢᠭᠤᠯᠬᠤ ᠵᠢᠨ ᠬᠠᠮᠲᠤ᠂ ᠬᠠᠪᠤᠷ᠎ᠤᠨ ᠲᠠᠷᠢᠶᠠᠯᠠᠭ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠠᠵᠤ ᠦᠢ᠍ᠯᠡᠰ᠎ᠤᠨ ᠬᠡᠯᠬᠢᠶ᠎ᠡ ᠵᠢᠨ ᠪᠠᠢ᠌ᠭᠤᠯᠤᠯᠲᠠ᠂ ᠠᠮᠢᠲᠠᠨ᠎ᠤ ᠬᠢᠵᠢᠭ᠎ᠢ ᠰᠡᠷᠬᠡᠢ᠌ᠯᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃