ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠦᠬᠦ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠪᠣᠯᠣᠨ 《ᠠᠶᠤᠯᠭᠦᠢ ᠦᠢ᠍ᠯᠡᠳᠪᠦᠷᠢᠯᠡᠯ᠎ᠤᠨ ᠲᠦᠮᠡᠨ ᠭᠠᠵᠠᠷ᠎ᠤᠨ ᠠᠶᠠᠯᠠᠯ》᠎ᠤᠨ ᠠᠵᠢᠯᠯᠠᠭ᠎ᠠ ᠡᠬᠢᠯᠡᠵᠤ᠂ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄ 2022-06-02

    6 ᠳ᠋ᠤᠭ᠋ᠠᠷ ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨ᠎ᠡ᠂ ᠪᠥᠬᠥ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠪᠠ 《ᠠᠶᠤᠯᠭᠦᠢ ᠦᠢ᠍ᠯᠡᠳᠪᠦᠷᠢᠯᠡᠯ᠎ᠤᠨ ᠲᠦᠮᠡᠨ ᠭᠠᠵᠠᠷ᠎ᠤᠨ ᠠᠶᠠᠯᠠᠯ》᠎ᠤᠨ ᠠᠵᠢᠯᠯᠠᠭ᠎ᠠ ᠬᠥᠬᠡᠬᠣᠲᠠ᠎ᠳᠤ ᠡᠬᠢᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠣᠰᠣᠯᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠰᠢᠨ᠎ᠡ᠎ᠪᠠᠷ ᠪᠠᠢ᠌ᠭᠤᠯᠤᠭᠰᠠᠨ ᠪᠠᠴᠢᠮ᠎ᠢ  ᠠᠷᠭ᠋ᠠᠴᠠᠭ᠋ᠠᠵᠤ ᠠᠪᠤᠷᠠᠨ ᠲᠤᠰᠠᠯᠠᠬᠤ 6 ᠡᠩᠨᠡᠭᠡ᠎ᠳᠤ ᠬᠡᠮᠡᠷᠯᠢᠭ ᠲᠣᠭ ᠭᠠᠷᠳᠠᠭᠤᠯᠪᠠ᠃
    ᠬᠤᠸᠠᠩ ᡁᠢ ᠴᠢᠶᠠᠩ ᠬᠡᠯᠡᠭᠰᠡᠨ᠎ᠨᠢ᠂ ᠶᠡᠷᠦᠩᠬᠡᠢ ᠱᠦᠵᠢ ᠰᠢ ᠵᠢᠨ ᠫᠢᠩ ᠎ᠤ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠠᠶᠤᠯᠭᠦᠢ ᠦᠢ᠍ᠯᠡᠳᠪᠦᠷᠢᠯᠡᠯ᠎ᠤᠨ ᠪᠦᠬᠦ ᠶᠠᠪᠤᠴᠠ ᠵᠢᠨ ᠡᠯ᠎ᠡ ᠭᠣᠭᠴᠣᠭ᠎ᠠ᠎ᠳᠤ  ᠲᠤᠭᠤᠰᠢᠯᠠᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠬᠤᠷᠢᠭ᠎ᠠ ᠱᠤᠭᠤᠮ ᠪᠣᠯᠣᠨ ᠠᠶᠤᠯᠭᠦᠢ ᠬᠥᠭᠵᠢᠯᠲᠡ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠠᠮᠢ ᠨᠠᠰᠤᠨ᠎ᠳᠤ ᠬᠠᠷᠢᠭᠤᠴᠠᠨ᠂ ᠠᠶᠤᠯᠭᠦᠢ ᠦᠢ᠍ᠯᠡᠳᠪᠦᠷᠢᠯᠡᠯ᠎ᠢ ᠢᠮᠠᠭᠲᠠ ᠬᠥᠮᠥᠨ᠎ᠤ ᠠᠮᠢ ᠨᠠᠰᠤᠨ᠎ᠳᠤ ᠬᠣᠯᠪᠣᠭᠳᠠᠬᠤ ᠲᠡᠷᠢᠭᠦᠨ ᠴᠢᠬᠤᠯᠠ ᠶᠠᠪᠤᠳᠠᠯ ᠪᠣᠯᠭ᠋ᠠᠬᠤ ᠬᠡᠷᠡᠭᠲᠡᠢ᠃ ᠨᠡᠢ᠌ᠭᠡᠮ᠎ᠳᠤ ᠲᠤᠢ᠌ᠯ᠎ᠤᠨ ᠬᠠᠷᠢᠭᠤᠴᠠᠯᠭ᠎ᠠ᠎ᠲᠠᠢ ᠪᠠᠢ᠌ᠵᠤ᠂ ᠠᠮᠤᠷ ᠲᠦᠪᠰᠢᠨ ᠲᠣᠭᠲᠠᠭᠤᠨ ᠡᠶ᠎ᠡ ᠵᠣᠬᠢᠴᠠᠯ᠎ᠲᠠᠢ ᠰᠠᠢ᠌ᠨ ᠰᠠᠢ᠌ᠬᠠᠨ ᠨᠡᠢ᠌ᠭᠡᠮ᠎ᠤᠨ ᠣᠷᠴᠢᠨ ᠨᠥᠬᠥᠴᠡᠯ᠎ᠢ ᠢᠳᠡᠪᠬᠢᠲᠡᠢ᠎ᠪᠠᠷ ᠬᠠᠮᠠᠭ᠋ᠠᠯᠠᠬᠤ ᠬᠡᠷᠡᠭᠲᠡᠢ᠃ ᠠᠵᠤ ᠠᠬᠤᠢ᠌ᠯᠠᠯ᠎ᠳᠤ ᠲᠤᠢ᠌ᠯ ᠵᠶ᠋ᠠᠷ ᠬᠠᠷᠢᠭᠤᠴᠠᠵᠤ᠂ ᠠᠶᠤᠯᠭᠦᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠦᠡᠨᠨ ᠬᠦ᠌ ᠡᠭᠦᠷᠭᠡᠯᠡᠬᠦ ᠬᠡᠷᠡᠭᠲᠡᠢ᠃ ᠭᠡᠷ᠎ᠤᠨ ᠬᠥᠮᠥᠰ᠎ᠲᠤ᠎ᠪᠠᠨ ᠲᠤᠢ᠌ᠯ ᠵᠶ᠋ᠠᠷ ᠬᠠᠷᠢᠭᠤᠴᠠᠵᠤ᠂ ᠬᠥᠮᠥᠨ ᠪᠦᠬᠦᠨ ᠠᠮᠤᠷ ᠲᠦᠪᠰᠢᠨ᠎ᠢ ᠪᠠᠲᠤ ᠴᠡᠭᠡᠵᠢᠯᠡᠬᠦ᠂ ᠠᠮᠤᠷ ᠲᠦᠪᠰᠢᠨ᠎ᠢ ᠪᠠᠳᠤᠯᠠᠬᠤ᠎ᠳᠤ ᠣᠷᠤᠯᠴᠠᠬᠤ᠂ ᠠᠮᠤᠷ ᠲᠦᠪᠰᠢᠨ᠎ᠳᠤ ᠬᠢᠨᠠᠯᠲᠠ ᠲᠠᠯᠪᠢᠬᠤ ᠬᠦᠴᠦᠷᠬᠡᠭ ᠬᠠᠮ ᠬᠦᠴᠦᠨ᠎ᠢ ᠪᠦᠷᠢᠯᠳᠦᠭᠦᠯᠬᠦ ᠬᠡᠷᠡᠭᠲᠡᠢ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠪᠠᠴᠢᠮ᠎ᠢ  ᠠᠷᠭ᠋ᠠᠴᠠᠭ᠋ᠠᠵᠤ ᠠᠪᠤᠷᠠᠨ ᠲᠤᠰᠠᠯᠠᠬᠤ ᠡᠩᠨᠡᠭᠡ ᠪᠣᠯᠣᠨ ᠬᠠᠮᠢᠶ᠎ᠠ ᠪᠦᠬᠦᠢ ᠠᠵᠤ ᠠᠬᠤᠢ᠌ᠯᠠᠯ᠎ᠤᠨ ᠲᠥᠯᠥᠭᠡᠯᠡᠭᠴᠢ ᠠᠵᠢᠯᠯᠠᠭ᠎ᠠ᠎ᠳᠤ ᠣᠷᠣᠯᠴᠠᠪᠠ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ 2022 ᠣᠨ᠎ᠤ 《6 · 5》᠎ᠤ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠶᠠᠪᠤᠬᠳᠠᠭᠤᠯᠪᠠ
ᠮᠠᠨ᠎ᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ ᠦᠷᠬᠦᠯᠵᠢᠯᠡᠨ ᠰᠠᠢ᠌ᠵᠢᠷᠠᠵᠤ ᠪᠠᠢ᠌ᠨ᠎ᠠ
ᠮᠠᠨ᠎ᠤ ᠣᠷᠣᠨ 《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ᠂ ᠢᠷᠡᠬᠡᠳᠤᠢ᠎ᠪᠠᠨ ᠰᠡᠳᠬᠢᠯ ᠨᠢᠭᠡᠳᠦᠨ ᠬᠠᠮᠠᠭ᠋ᠠᠯᠠᠶ᠎ᠠ》 — ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠡᠬᠢᠯᠡᠬᠦᠯᠪᠡ
ᠮᠠᠨ᠎ᠤ ᠤᠷᠤᠨ ᠪᠥᠬᠥ ᠤᠯᠤᠰ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠰᠢᠶᠠᠨ᠎ᠢ ᠡᠬᠦᠳᠬᠦ ᠠᠵᠢᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠨᠡᠯᠡᠯᠲᠡ ᠵᠢ ᠲᠠᠭᠤᠰᠬᠠᠪᠠ
ᠲᠥᠪ᠎ᠤᠨ ᠭᠤᠷᠪᠠᠳᠤᠭ᠋ᠠᠷ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠶ᠋ᠢᠯᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠶ᠋ᠢᠴᠢᠯᠠᠯᠲᠠ ᠵᠢᠨ ᠬᠤᠷᠠᠯ ᠬᠥᠬᠡᠬᠣᠲᠠ᠎ᠳᠤ ᠬᠤᠷᠠᠯᠳᠤᠪᠠ
 
            