ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠴᠢ ᠪᠠᠳᠤ ᠬᠥᠬᠡᠬᠣᠲᠠ ᠪᠠ ᠤᠯᠠᠭ᠋ᠠᠨᠴᠠᠪ ᠬᠣᠲᠠ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ ᠠᠵᠢᠯ ᠣᠯᠭᠣᠯᠲᠠ ᠵᠢ ᠲᠤᠬᠳᠠᠪᠤᠷᠢᠵᠢᠭᠤᠯᠬᠤ ᠵᠢ ᠣᠳᠣᠬᠠᠨ᠎ᠤ ᠠᠵᠢᠯ᠎ᠤᠨ ᠭᠣᠣᠯᠳᠠᠯᠭ᠎ᠠ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ
ᠨᠡᠶᠢᠲᠡᠯᠡᠭᠰᠡᠨ ᠴᠠᠭ᠄ 2022-05-29

    5 ᠳ᠋ᠤᠭ᠋ᠠᠷ ᠰᠠᠷ᠎ᠠ ᠵᠢᠨ 26᠎ᠤ ᠡᠳᠦᠷ᠎ᠠᠴᠠ 27᠎ᠤ ᠡᠳᠦᠷ ᠪᠣᠯᠲᠠᠯ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠳᠤ ᠬᠥᠬᠡᠬᠣᠲᠠ ᠪᠣᠯᠣᠨ ᠤᠯᠠᠭ᠋ᠠᠨᠴᠠᠪ ᠬᠣᠲᠠ᠎ᠳᠤ ᠭᠦᠨᠵᠡᠭᠡᠢ᠌ᠷᠡᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠠᠵᠢᠯ᠎ᠢ ᠪᠠᠢ᠌ᠴᠠᠭ᠋ᠠᠨ ᠰᠤᠳᠤᠯᠵᠤ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠂ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠪᠠᠢ᠌ᠭᠤᠯᠤᠮᠵᠢ᠂ ᠡᠳᠦᠷ᠎ᠤᠨ ᠬᠦᠴᠦᠨ᠎ᠤ ᠵᠠᠬ᠎ᠠ ᠳᠡᠯᠭᠡᠭᠦᠷ᠂ ᠭᠣᠣᠯᠳᠠᠯᠭ᠎ᠠ᠎ᠲᠠᠢ ᠠᠵᠤ ᠠᠬᠤᠢ᠌ᠯᠠᠯ ᠵᠡᠷᠭᠡ ᠵᠢᠨ ᠠᠵᠢᠯᠯᠠᠭ᠋ᠠᠨ᠎ᠤ ᠪᠠᠢ᠌ᠳᠠᠯ᠂ ᠠᠵᠢᠯ ᠣᠯᠭᠣᠯᠲᠠ ᠵᠢ ᠦᠢ᠍ᠯᠡᠴᠢᠯᠡᠭᠰᠡᠨ ᠪᠠ ᠳᠠᠢ᠌ᠴᠢᠯᠠᠭᠰᠠᠨ ᠪᠠᠢ᠌ᠳᠠᠯ ᠪᠠ ᠣᠷᠣᠰᠢᠵᠤ ᠪᠠᠢ᠌ᠭ᠎ᠠ ᠬᠦᠴᠢᠷᠳᠡᠯ᠎ᠲᠠᠢ ᠠᠰᠠᠭᠤᠳᠠᠯ᠎ᠢ ᠪᠣᠳᠠᠲᠠᠢ ᠭᠠᠵᠠᠷ᠎ᠲᠤ᠎ᠨᠢ ᠬᠦᠷᠴᠤ ᠣᠢ᠌ᠯᠠᠭ᠋ᠠᠪᠠ᠃
    ᠴᠢ ᠪᠠᠳᠤ ᠱᠠᠭ᠋ᠠᠷᠳᠠᠬᠰᠠᠨ᠎ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ᠎ᠬᠢᠨ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠬᠤ ᠵᠢ ᠣᠳᠣᠬᠠᠨ᠎ᠤ ᠠᠵᠢᠯ᠎ᠤᠨ ᠭᠣᠣᠯᠳᠠᠯᠭ᠎ᠠ ᠪᠣᠯᠭ᠋ᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠢ ᠵᠢ ᠯᠠᠪᠳᠠᠭᠤᠨ ᠪᠠᠲᠤᠲᠠᠢ ᠲ᠋ᠤᠬᠳᠠᠪᠤᠷᠢᠵᠢᠭᠤᠯᠬᠤ 6 ᠲᠠᠯ᠎ᠠ ᠵᠢᠨ 33 ᠵᠦᠢ᠍ᠯ᠎ᠤᠨ ᠲᠦᠷᠦ ᠵᠢᠨ ᠪᠣᠳᠣᠯᠭ᠎ᠠ ᠵᠢ ᠨᠢᠮᠪᠠᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ ᠰᠢᠢ᠍ᠳᠪᠦᠷᠢᠯᠡᠬᠦ ᠡᠯ᠎ᠡ ᠠᠷᠭ᠎ᠠ ᠵᠢ ᠳᠥᠭᠥᠮ ᠲᠦᠷᠭᠡᠨ  ᠪᠦᠲᠦᠮᠵᠢᠲᠡᠢ᠎ᠪᠠᠷ ᠪᠤᠳᠠᠳᠠᠢ᠌ᠵᠢᠭᠤᠯᠬᠤ ᠵᠢ ᠠᠬᠢᠭᠤᠯᠬᠤ ᠬᠡᠷᠡᠭᠲᠡᠢ᠃ ᠤᠶᠤᠳᠠᠳ ᠵᠡᠷᠭᠡ ᠭᠣᠣᠯᠳᠠᠯᠭ᠎ᠠ᠎ᠲᠠᠢ ᠬᠦᠮᠦᠰ᠎ᠤᠨ ᠠᠵᠢᠯ ᠣᠯᠭᠣᠯᠲᠠ ᠵᠢ ᠰᠠᠢ᠌ᠲᠤᠷ ᠠᠳᠬᠤᠵᠤ᠂ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠰᠢᠯᠭ᠋ᠠᠨ ᠡᠯᠰᠡᠬᠦ ᠪᠠ ᠤᠷᠢᠬᠤ ᠠᠵᠢᠯ᠎ᠢ ᠱᠠᠯᠠᠪᠳᠠᠨ ᠵᠣᠬᠢᠶᠠᠨ ᠪᠠᠶ᠋ᠢᠭᠤᠯᠬᠤ ᠬᠡᠷᠡᠭᠲᠡᠢ᠃ ᠨᠠᠷᠢᠯᠢᠭ ᠣᠨᠣᠴᠠᠲᠠᠢ᠎ᠪᠠᠷ ᠪᠣᠯᠪᠠᠰᠤᠷᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠠᠵᠢᠯ ᠣᠯᠭᠣᠬᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠪᠣᠳᠠᠲᠠᠢ᠌ᠵᠢᠭᠤᠯᠬᠤ ᠲᠥᠷᠥᠯ ᠵᠦᠢ᠍ᠯ᠎ᠳᠤ ᠴᠢᠭᠯᠡᠭᠦᠯᠦᠨ᠂ ᠠᠵᠢᠯᠴᠢᠨ ᠬᠡᠷᠡᠭᠯᠡᠬᠦ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠵᠦ᠂ ᠬᠥᠮᠥᠨ ᠬᠡᠷᠡᠭᠯᠡᠬᠦ ᠨᠢᠬᠡᠴᠢ ᠪᠣᠯᠣᠨ ᠤᠷᠢᠭᠳᠠᠭᠰᠠᠳ᠎ᠲᠤ ᠰᠠᠢ᠌ᠨ ᠬᠥᠭᠥᠷᠭᠡ ᠪᠤᠯᠬᠤ ᠬᠡᠷᠡᠭᠲᠡᠢ᠃

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠴᠠᠭ ᠠᠭᠤᠷ᠎ᠤᠨ ᠴᠢᠨᠠᠷᠯᠢᠭ ᠬᠥᠭᠵᠢᠯᠲᠡ ᠵᠢᠨ ᠠᠵᠢᠯ᠎ᠤᠨ ᠲᠧᠯᠸᠢᠰ ᠤᠲᠠᠰᠤ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠪᠤᠯᠤᠨ 2022 ᠣᠨ᠎ᠤ ᠪᠦᠬᠦ ᠣᠷᠣᠨ᠎ᠤ ᠴᠠᠭ ᠠᠭᠤᠷ᠎ᠤᠨ ᠭᠠᠮᠰᠢᠭ᠎ᠢ ᠰᠡᠷᠭᠡᠢ᠌ᠯᠡᠬᠦ ᠠᠵᠢᠯ᠎ᠤᠨ ᠸᠢᠳᠢᠤ᠋ ᠬᠤᠷᠠᠯ ᠬᠤᠷᠠᠯᠳᠤᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠡᠬᠢᠯᠡᠵᠤ᠂ ᠴᠢ ᠪᠠᠳᠤ ᠣᠷᠣᠯᠴᠠᠪᠠ
ᠪᠦᠬᠦ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠪᠣᠯᠣᠨ 《ᠠᠶᠤᠯᠭᠦᠢ ᠦᠢ᠍ᠯᠡᠳᠪᠦᠷᠢᠯᠡᠯ᠎ᠤᠨ ᠲᠦᠮᠡᠨ ᠭᠠᠵᠠᠷ᠎ᠤᠨ ᠠᠶᠠᠯᠠᠯ》᠎ᠤᠨ ᠠᠵᠢᠯᠯᠠᠭ᠎ᠠ ᠡᠬᠢᠯᠡᠵᠤ᠂ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠮᠠᠨ᠎ᠤ ᠣᠷᠣᠨ 2022 ᠣᠨ᠎ᠤ 《6 · 5》᠎ᠤ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠶᠠᠪᠤᠬᠳᠠᠭᠤᠯᠪᠠ
ᠮᠠᠨ᠎ᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ ᠦᠷᠬᠦᠯᠵᠢᠯᠡᠨ ᠰᠠᠢ᠌ᠵᠢᠷᠠᠵᠤ ᠪᠠᠢ᠌ᠨ᠎ᠠ
 
            