ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠡᠬᠢᠯᠡᠵᠤ᠂ ᠴᠢ ᠪᠠᠳᠤ ᠣᠷᠣᠯᠴᠠᠪᠠ
ᠨᠡᠶᠢᠲᠡᠯᠡᠭᠰᠡᠨ ᠴᠠᠭ᠄ 2022-06-02

    5 ᠳ᠋ᠤᠭ᠋ᠠᠷ ᠰᠠᠷ᠎ᠠ ᠵᠢᠨ 31᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ᠂ ᠢᠷᠡᠭᠡᠳᠦᠢ ᠬᠤᠢ᠌ᠴᠢ᠎ᠪᠠᠨ ᠬᠠᠮᠳᠤ᠎ᠪᠠᠷ ᠬᠠᠮᠠᠭ᠋ᠠᠯᠠᠬᠤ》 ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠡᠬᠢᠯᠡᠪᠡ᠃
    ᠦᠪᠤᠷ ᠮᠤᠡᠭᠭᠤᠯ᠎ᠤᠨ  ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠳᠤ ᠠᠵᠢᠯᠯᠠᠭ᠎ᠠ᠎ᠳᠤ ᠣᠷᠣᠯᠴᠠᠪᠠ᠃
    ᠠᠵᠢᠯᠯᠠᠭ᠎ᠠ᠎ᠳᠤ ᠱᠠᠭ᠋ᠠᠷᠳᠠᠬᠰᠠᠨ᠎ᠨᠢ᠂ ᠪᠦᠬᠦ ᠣᠷᠣᠨ᠎ᠤ ᠡᠯ᠎ᠡ ᠱᠠᠲᠤᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠂ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠠᠵᠢᠯ ᠵᠶ᠋ᠠᠨ ᠬᠤᠪᠢᠶᠠᠷᠢᠯᠠᠨ ᠬᠠᠮᠵᠢᠯᠴᠠᠬᠤ᠂ ᠨᠠᠢ᠌ᠳᠠᠪᠤᠷᠢᠵᠢᠭᠤᠯᠬᠤ ᠵᠢ ᠠᠬᠢᠭᠤᠯᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠭᠡᠷ ᠪᠦᠯᠢ᠂ ᠰᠤᠷᠭ᠋ᠠᠭᠤᠯᠢ᠂ ᠨᠡᠢ᠌ᠭᠡᠮ᠂ ᠰᠦᠯᠵᠢᠶ᠎ᠡ᠂ ᠵᠠᠰᠠᠭ᠎ᠤᠨ ᠣᠷᠳᠣᠨ᠂ ᠬᠠᠤᠯᠢ ᠴᠠᠭ᠋ᠠᠵᠠ 《ᠵᠢᠷᠭᠤᠭ᠎ᠠ ᠵᠢ ᠨᠢᠭᠡ ᠴᠣᠭᠴᠠᠵᠢᠭᠤᠯᠤᠭᠰᠠᠨ》 ᠰᠢᠨ᠎ᠡ ᠴᠠᠭ ᠦᠶ᠎ᠡ ᠵᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠪᠠᠢ᠌ᠷᠢᠰᠢᠯ᠎ᠢ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠩ ᠰᠢᠰᠲ᠋ᠧᠮ᠎ᠲᠠᠢ ᠲᠡᠭᠦᠯᠳᠡᠷᠵᠢᠭᠰᠡᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠰᠢᠰᠲ᠋ᠧᠮ᠎ᠢ ᠲᠠᠰᠤᠷᠠᠯᠲᠠ ᠦᠭᠡᠢ ᠪᠦᠷᠢᠨᠰᠢᠭᠦᠯᠵᠦ᠂ ᠨᠠᠰᠤᠨ᠎ᠳᠤ ᠥᠯᠥ ᠭᠦᠷᠦᠭᠰᠡᠳ᠎ᠤᠨ ᠦᠰᠦᠨ ᠪᠣᠢ᠌ᠵᠢᠵᠤ ᠴᠢᠳᠠᠪᠤᠷᠢᠲᠠᠨ ᠪᠣᠯᠬᠤ᠎ᠳᠤ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠪᠣᠶ ᠪᠣᠯᠭ᠋ᠠᠵᠤ ᠥᠭᠬᠦ ᠬᠡᠷᠡᠭᠲᠡᠢ᠃
    ᠪᠥᠬᠥ ᠣᠷᠣᠨ᠎ᠤ ᠨᠠᠰᠤᠨ᠎ᠳᠤ ᠥᠯᠥ ᠭᠦᠷᠦᠭᠰᠡᠳ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ ᠡᠷᠡᠰ ᠵᠣᠷᠢᠭ ᠵᠶ᠋ᠠᠨ ᠪᠠᠲᠤᠳᠬᠠᠵᠤ᠂ ᠬᠦᠰᠡᠯᠡᠩ᠎ᠲᠠᠢ ᠪᠣᠯᠵᠤ᠂ ᠰᠢᠷᠭ᠋ᠠᠭᠤ ᠬᠠᠲᠠᠭᠤᠵᠢᠯᠲᠠᠢ ᠰᠤᠷᠤᠯᠴᠠᠨ᠂ ᠵᠠᠩ ᠰᠤᠷᠲᠠᠯ ᠵᠶ᠋ᠠᠨ ᠬᠠᠲᠠᠭᠤᠵᠢᠭᠤᠯᠵᠤ᠂ ᠡᠷᠳᠡᠮ ᠴᠢᠳᠠᠪᠤᠷᠢ᠎ᠪᠠᠨ ᠨᠡᠮᠡᠭᠳᠡᠭᠦᠯᠦᠨ᠂ ᠶᠣᠰᠣ ᠮᠣᠷᠠᠯ ᠣᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠪᠥᠬᠥ ᠲᠠᠯ᠎ᠠ᠎ᠪᠠᠷ ᠬᠥᠭᠵᠢᠬᠦ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ᠃ ᠭᠡᠷ ᠪᠦᠯᠢ᠂ ᠰᠤᠷᠭ᠋ᠠᠭᠤᠯᠢ ᠪᠣᠯᠣᠨ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠢᠳᠡᠪᠬᠢᠲᠡᠢ ᠬᠥᠳᠡᠯᠦᠯᠴᠡᠵᠦ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠴᠤᠭᠭ᠋ᠠᠷ ᠠᠳᠬᠤᠨ ᠬᠠᠮᠲᠤ᠎ᠪᠠᠷ ᠬᠠᠮᠢᠶᠠᠷᠴᠤ᠂ ᠨᠠᠰᠤᠨ᠎ᠳᠤ ᠥᠯᠥ ᠭᠦᠷᠦᠭᠰᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠵᠢ ᠬᠠᠮᠲᠤ᠎ᠪᠠᠷ ᠬᠠᠯᠠᠮᠵᠢᠯᠠᠨ ᠬᠠᠮᠠᠭ᠋ᠠᠯᠠᠬᠤ ᠬᠡᠷᠡᠭᠲᠡᠢ᠃
   ᠡᠬᠢᠯᠡᠯᠲᠡ ᠵᠢᠨ ᠶᠣᠰᠣᠯᠠᠯ ᠳᠡᠭᠡᠷ᠎ᠡ᠂ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠹᠢᠯᠢᠮ᠎ᠢ ᠨᠠᠪᠲᠠᠷᠡᠭᠦᠯᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠤ ᠲᠥᠯᠥᠭᠡᠯᠡᠭᠴᠢᠳ᠎ᠲᠤ ᠤᠷᠢᠯᠭ᠎ᠠ ᠵᠢᠨ ᠪᠢᠴᠢᠭ᠂ ᠬᠠᠢ᠌ᠷ᠎ᠠ ᠬᠠᠯᠠᠮᠵᠢ ᠵᠢᠨ ᠵᠣᠬᠢᠶᠠᠨ ᠪᠠᠢ᠌ᠭᠤᠯᠤᠯᠲᠠ ᠲᠤᠬᠠᠢ ᠵᠢᠨ ᠲᠠᠯᠠᠪᠤᠷ᠎ᠲᠤ ᠪᠡᠯᠡᠭᠯᠡᠨ᠂ ᠬᠥᠬᠡᠬᠣᠲᠠ ᠵᠢᠨ ᠬᠣᠲᠣᠩ ᠲᠣᠭᠣᠷᠢᠭ᠎ᠤᠨ ᠨᠠᠰᠤᠨ᠎ᠳᠤ ᠥᠯᠥ ᠬᠦᠷᠦᠭᠰᠡᠳ᠎ᠢ ᠰᠤᠷᠭ᠋ᠠᠨ ᠬᠥᠮᠥᠵᠢᠭᠦᠯᠵᠦ ᠬᠠᠮᠠᠭ᠋ᠠᠯᠠᠬᠤ ᠰᠠᠭᠤᠷᠢᠨ ᠭᠠᠵᠠᠷ ᠵᠶ᠋ᠠᠷ ᠲᠣᠭᠣᠷᠢᠨ ᠦᠵᠡᠪᠡ᠃ ᠲᠤᠬᠠᠢ ᠵᠢᠨ ᠡᠳᠦᠷ᠂ ᠡᠯ᠎ᠡ ᠠᠢ᠌ᠮᠠᠭ ᠬᠣᠲᠠ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠵᠡᠷᠬᠡ᠎ᠪᠠᠷ ᠡᠬᠢᠯᠡᠭᠦᠯᠪᠡ᠃




 




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠪᠣᠯᠣᠨ 《ᠠᠶᠤᠯᠭᠦᠢ ᠦᠢ᠍ᠯᠡᠳᠪᠦᠷᠢᠯᠡᠯ᠎ᠤᠨ ᠲᠦᠮᠡᠨ ᠭᠠᠵᠠᠷ᠎ᠤᠨ ᠠᠶᠠᠯᠠᠯ》᠎ᠤᠨ ᠠᠵᠢᠯᠯᠠᠭ᠎ᠠ ᠡᠬᠢᠯᠡᠵᠤ᠂ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠮᠠᠨ᠎ᠤ ᠣᠷᠣᠨ 2022 ᠣᠨ᠎ᠤ 《6 · 5》᠎ᠤ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠶᠠᠪᠤᠬᠳᠠᠭᠤᠯᠪᠠ
ᠮᠠᠨ᠎ᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ ᠦᠷᠬᠦᠯᠵᠢᠯᠡᠨ ᠰᠠᠢ᠌ᠵᠢᠷᠠᠵᠤ ᠪᠠᠢ᠌ᠨ᠎ᠠ
ᠮᠠᠨ᠎ᠤ ᠣᠷᠣᠨ 《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ᠂ ᠢᠷᠡᠬᠡᠳᠤᠢ᠎ᠪᠠᠨ ᠰᠡᠳᠬᠢᠯ ᠨᠢᠭᠡᠳᠦᠨ ᠬᠠᠮᠠᠭ᠋ᠠᠯᠠᠶ᠎ᠠ》 — ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠡᠬᠢᠯᠡᠬᠦᠯᠪᠡ
ᠮᠠᠨ᠎ᠤ ᠤᠷᠤᠨ ᠪᠥᠬᠥ ᠤᠯᠤᠰ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠰᠢᠶᠠᠨ᠎ᠢ ᠡᠬᠦᠳᠬᠦ ᠠᠵᠢᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠨᠡᠯᠡᠯᠲᠡ ᠵᠢ ᠲᠠᠭᠤᠰᠬᠠᠪᠠ
 
            