6 ᠰᠠᠷ᠎ᠠ ᠵᠢᠨ 15᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠷᠠᠯᠳᠤᠭᠤᠯᠤᠭᠰᠠᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠤᠢ᠌ᠯᠠᠭ᠋ᠠᠬᠰᠠᠨ ᠵᠶ᠋ᠡᠷ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ》 ᠵᠢ ᠬᠡᠷᠡᠭᠵᠢᠭᠦᠯᠦᠭᠰᠡᠨ ᠨᠢᠭᠡ ᠵᠢᠯ᠎ᠤᠨ ᠲᠤᠷᠰᠢ᠂ ᠮᠠᠨ᠎ᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠡᠯ᠎ᠡ ᠪᠦᠷᠢᠯᠳᠦᠭᠦᠨ ᠨᠢᠬᠡᠴᠢ᠎ᠨᠦᠭᠦᠳ 《ᠭᠡᠷ ᠪᠦᠯᠢ᠂ ᠰᠤᠷᠭ᠋ᠠᠭᠤᠯᠢ᠂ ᠨᠡᠢ᠌ᠭᠡᠮ᠂ ᠰᠦᠯᠵᠢᠶ᠎ᠡ᠂ ᠵᠠᠰᠠᠭ᠎ᠤᠨ ᠣᠷᠳᠣᠨ᠂ ᠬᠠᠤᠯᠢ ᠴᠠᠭ᠋ᠠᠵᠠ》 ᠵᠡᠷᠭᠡ ᠵᠢᠷᠭᠤᠭ᠋ᠠᠨ ᠶᠡᠬᠡ ᠬᠠᠮᠠᠭ᠋ᠠᠯᠠᠯᠲᠠ ᠵᠢᠨ ᠠᠵᠢᠯ᠎ᠢ ᠪᠣᠳᠠᠲᠠᠢ ᠪᠥᠭᠡᠳ ᠨᠠᠷᠢᠯᠢᠭ ᠬᠢᠵᠦ᠂ ᠨᠠᠰᠤᠨ᠎ᠳᠤ ᠥᠯᠥ ᠭᠦᠷᠦᠭᠰᠡᠳ᠎ᠤᠨ ᠢᠳᠡᠷᠡᠭᠦᠨ ᠵᠶ᠋ᠡᠷ ᠦᠰᠦᠨ ᠪᠣᠢ᠌ᠵᠢᠬᠤ ᠵᠢ ᠬᠠᠮᠠᠭ᠋ᠠᠯᠠᠪᠠ᠃
ᠨᠢᠭᠡ ᠵᠢᠯ᠎ᠤᠨ ᠲᠤᠷᠰᠢ᠂ ᠮᠠᠨ᠎ᠤ ᠣᠷᠣᠨ᠎ᠤ 12 ᠠᠢ᠌ᠮᠠᠭ ᠬᠣᠲᠠ᠂ 103 ᠬᠣᠰᠢᠭᠤ ᠰᠢᠶᠠᠨ (ᠬᠣᠲᠠ᠂ ᠲᠣᠭᠣᠷᠢᠭ)᠎ᠳᠤ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠨ ᠵᠣᠬᠢᠴᠠᠭᠤᠯᠬᠤ ᠲᠣᠭᠲᠠᠴᠠ ᠵᠢ ᠪᠦᠬᠦᠨ᠎ᠢ ᠪᠠᠢ᠌ᠭᠤᠯᠵᠤ᠂ ᠨᠠᠮ᠎ᠤᠨ ᠬᠣᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠬᠠᠷᠢᠭᠤᠴᠠᠭᠰᠠᠨ᠂ ᠠᠷᠠᠳ᠎ᠤᠨ ᠶᠠᠪᠤᠳᠠᠯ ᠲᠦᠷᠦᠭᠦᠯᠡᠨ ᠬᠢᠭᠰᠡᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠢ᠌ᠭᠡᠮ ᠨᠡᠶ᠋ᠢᠲᠡ᠎ᠪᠠᠷ ᠵᠶ᠋ᠡᠨ ᠣᠷᠣᠯᠴᠠᠭᠰᠠᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠲᠣᠭᠲᠠᠴᠠ ᠵᠢ ᠪᠣᠶ ᠪᠣᠯᠭ᠋ᠠᠪᠠ᠃
ᠪᠥᠬᠥ ᠣᠷᠣᠨ᠎ᠤ ᠡᠯ᠎ᠡ ᠭᠠᠵᠠᠷ᠎ᠤᠨ᠎ᠬᠢᠨ ᠭᠡᠷ ᠪᠦᠯᠢ ᠵᠢᠨ ᠬᠠᠮᠠᠭ᠋ᠠᠯᠠᠯᠲᠠ ᠵᠢᠨ ᠲᠤᠯᠭ᠋ᠠᠭᠤᠷᠢᠯᠠᠯ᠎ᠤᠨ ᠰᠢᠰᠲᠸᠮ᠎ᠢ ᠬ᠋ᠦᠴᠦᠯᠡᠨ ᠪᠠᠢ᠌ᠭᠤᠯᠵᠤ᠂ 《ᠭᠡᠷ ᠪᠣᠯᠭ᠋ᠠᠨ ᠵᠣᠯ ᠵᠢᠷᠭ᠋ᠠᠯ᠎ᠲᠠᠢ ᠠᠮᠤᠷ ᠠᠮᠤᠭᠤᠯᠠᠩ ᠪᠠᠢ᠌ᠬᠤ ᠢᠨᠵᠧᠨᠧᠷᠢᠩ》᠎ᠢ ᠬᠡᠷᠡᠭᠵᠢᠭᠦᠯᠦᠨ᠂ 10.283 ᠲᠦᠮᠡᠨ ᠡᠷᠦᠬᠡ ᠬᠠᠮᠤᠭ᠎ᠤᠨ ᠭᠣᠶᠣ (ᠲᠠᠪᠤᠨ ᠰᠠᠢ᠌ᠨᠲᠠᠢ) ᠭᠡᠷ ᠪᠦᠯᠢ ᠵᠢ ᠢᠯᠡᠷᠡᠭᠦᠯᠵᠦ᠂ ᠭᠡᠷ ᠪᠦᠯᠢ ᠵᠢᠨ ᠬᠠᠷᠠᠭ᠋ᠠᠯᠵᠠᠨ ᠬᠠᠮᠠᠭ᠋ᠠᠯᠠᠬᠤ ᠴᠢᠳᠠᠪᠤᠷᠢ ᠵᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠲᠡᠭᠡᠭᠰᠢᠯᠡᠬᠦᠯᠪᠡ᠃ ᠰᠤᠷᠭ᠋ᠠᠭᠤᠯᠢ ᠵᠢᠨ ᠬᠠᠮᠠᠭ᠋ᠠᠯᠠᠯᠲᠠ ᠵᠢᠨ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠵᠦ᠂ ᠰᠤᠷᠤᠯᠭ᠎ᠠ᠎ᠪᠠᠨ ᠳᠣᠷᠭᠣᠨ ᠵᠣᠭᠰᠣᠬᠤ ᠵᠢ ᠬᠢᠵᠠᠭ᠋ᠠᠷᠯᠠᠨ ᠰᠤᠷᠤᠯᠭ᠎ᠠ᠎ᠪᠠᠨ ᠪᠠᠲᠤᠯᠠᠬᠤ ᠵᠢ ᠪᠠᠢ᠌ᠩᠭᠤᠵᠢᠭᠤᠯᠤᠨ ᠥᠷᠨᠢᠭᠦᠯᠵᠦ᠂ ᠰᠤᠷᠬᠤ ᠨᠠᠰᠤᠨ᠎ᠤ ᠬᠡᠦᠬᠡᠳ ᠪᠠᠭ᠋ᠠᠴᠤᠳ᠎ᠤᠨ ᠰᠤᠷᠤᠯᠭ᠎ᠠ ᠠᠯᠳᠠᠬᠤ ᠪᠠᠢ᠌ᠳᠠᠯ ᠢᠯᠡᠳᠲᠡ ᠪᠠᠭᠤᠷᠠᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ 201 ᠬᠥᠮᠥᠨ ᠪᠠᠢ᠌ᠭᠰᠠᠨ᠎ᠠᠴᠠ᠎ᠪᠠᠨ 104 ᠬᠥᠮᠥᠨ ᠪᠣᠯᠵᠤ ᠪᠠᠭᠤᠷᠠᠪᠠ᠃ ᠪᠥᠬᠥ ᠣᠷᠣᠨ᠎ᠳᠤ 《ᠴᠡᠪᠡᠷ ᠲᠤᠩᠭ᠋ᠠᠯᠠᠭ》 《ᠰᠦᠯᠵᠢᠶᠡᠨ ᠳᠡᠭᠡᠷ᠎ᠡ ᠱᠠᠯᠢᠭ ᠵᠠᠪᠠᠬᠠᠢ ᠵᠦᠢ᠍ᠯᠡᠰ᠎ᠢ ᠠᠷᠢᠯᠭ᠋ᠠᠵᠤ ᠬᠠᠤᠯᠢ ᠪᠤᠰᠤ ᠬᠡᠪᠯᠡᠭᠳᠡᠬᠦᠨ᠎ᠳᠤ ᠴᠣᠬᠢᠯᠲᠠ ᠥᠭᠬᠦ》 ᠵᠡᠷᠭᠡ ᠰᠦᠯᠵᠢᠶᠡᠨ᠎ᠤ ᠲᠤᠰᠬᠠᠢ ᠴᠡᠭᠴᠡᠯᠡᠯᠳᠡ ᠥᠷᠨᠢᠭᠦᠯᠵᠦ᠂ 400 ᠭᠠᠷᠤᠢ ᠰᠦᠯᠵᠢᠶᠡᠨ᠎ᠤ ᠥᠷᠲᠡᠭᠡ ᠵᠢ ᠬᠠᠤᠯᠢ ᠶᠤᠰᠤᠭ᠋ᠠᠷ ᠬᠠᠭ᠋ᠠᠪᠠ᠃
12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠡᠭᠭᠤ ᠵᠢᠨ ᠤᠲᠠᠰᠤ ᠵᠢ ᠲᠦᠰᠢᠭᠯᠡᠨ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠵᠢ ᠭᠥᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠣᠷᠣᠭᠤᠯᠵᠤ᠂ ᠨᠠᠰᠤᠨ᠎ᠳᠤ ᠥᠯᠥ ᠭᠦᠷᠦᠭᠰᠡᠳ᠎ᠤᠨ ᠲᠤᠰᠯᠠᠭᠤᠯᠬᠤ ᠬᠠᠮᠠᠭ᠋ᠠᠯᠠᠭᠤᠯᠬᠤ ᠭᠤᠶᠤᠴᠢᠯᠠᠯ᠎ᠢ ᠰᠣᠨᠣᠰᠬᠤ ᠬᠥᠮᠥᠨ᠎ᠲᠠᠢ᠂ ᠬᠠᠮᠢᠶᠠᠷᠬᠤ ᠬᠥᠮᠥᠨ᠎ᠲᠠᠢ᠂ ᠡᠷᠲᠡ ᠢᠯᠡᠷᠡᠭᠦᠯᠵᠦ᠂ ᠡᠷᠲᠡ ᠭᠠᠷ ᠲᠦᠷᠦᠭᠦ ᠵᠢ ᠪᠠᠳᠤᠯᠠᠪᠠ᠃ ᠨᠠᠰᠤᠨ᠎ᠳᠤ ᠥᠯᠥ ᠭᠦᠷᠦᠭᠰᠡᠳ᠎ᠤᠨ ᠡᠷᠬᠡ ᠠᠰᠢᠭ᠎ᠢ ᠬᠠᠮᠠᠭ᠋ᠠᠯᠠᠬᠤ ᠠᠵᠢᠯ᠎ᠢ ᠠᠮᠤᠷ ᠲᠦᠪᠰᠢᠨ᠎ᠤ ᠪᠠᠢ᠌ᠭᠤᠯᠤᠯᠲᠠ ᠵᠢᠨ ᠦᠨᠡᠯᠡᠯᠳᠡ ᠵᠢᠨ ᠰᠢᠰᠲᠸᠮ᠎ᠳᠤ ᠣᠷᠣᠭᠤᠯᠵᠤ᠂ ᠬᠡᠦᠬᠡᠳ᠎ᠢ ᠮᠡᠬᠡᠯᠡᠨ ᠬᠤᠳᠠᠯᠳᠤᠬᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ᠂ ᠵᠠᠯᠠᠭᠤᠴᠤᠳ ᠪᠠᠭ᠋ᠠᠴᠤᠳ᠎ᠤᠨ ᠬᠠᠤᠯᠢ ᠵᠢ ᠵᠥᠷᠢᠴᠡᠵᠦ ᠶᠠᠯ᠎ᠠ ᠬᠢᠬᠦ ᠵᠢ ᠰᠡᠷᠭᠡᠢ᠌ᠯᠡᠬᠦ ᠵᠡᠷᠭᠡ ᠦᠨᠡᠯᠡᠯᠳᠡ ᠵᠢᠨ ᠠᠭᠤᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠪᠠ᠃ ᠪᠥᠬᠥ ᠣᠷᠣᠨ᠎ᠤ ᠡᠯ᠎ᠡ ᠱᠠᠲᠤ ᠡᠯ᠎ᠡ ᠰᠠᠯᠠᠭ᠎ᠠ ᠮᠥᠴᠢᠷ 《ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ》 《ᠬᠠᠤᠯᠢ᠎ᠪᠠᠷ ᠵᠠᠰᠠᠬᠤ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ》 ᠵᠡᠷᠭᠡ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠭᠤᠤᠯ ᠰᠡᠳᠤᠪᠳᠤ ᠤᠬᠠᠭᠤᠯᠭ᠎ᠠ ᠵᠢᠨ ᠠᠵᠢᠯᠯᠠᠭ᠎ᠠ ᠵᠢ ᠬᠠᠮᠳᠤᠷᠠᠬᠤ ᠪᠤᠶᠤ ᠲᠤᠰᠠᠭ᠋ᠠᠷ ᠵᠣᠬᠢᠶᠠᠨ ᠪᠠᠢ᠌ᠭᠤᠯᠬᠤ ᠬᠡᠯᠪᠡᠷᠢ᠎ᠪᠠᠷ 20 ᠭᠠᠷᠤᠢ ᠤᠳᠠᠭ᠎ᠠ ᠥᠷᠨᠢᠭᠦᠯᠵᠦ᠂ ᠨᠠᠰᠤᠨ᠎ᠳᠤ ᠥᠯᠥ ᠭᠦᠷᠦᠭᠰᠡᠳ᠎ᠢ ᠨᠡᠢ᠌ᠬᠡᠮ ᠲᠠᠶᠠᠭ᠋ᠠᠷ ᠵᠶ᠋ᠡᠨ ᠬᠠᠯᠠᠮᠵᠢᠯᠠᠨ ᠬᠠᠮᠠᠭ᠋ᠠᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃