ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ ᠲᠠᠯ᠎ᠠ ᠨᠤᠲᠤᠭ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠰᠢᠨ᠎ᠡ ᠵᠠᠮ ᠵᠶ᠋ᠠᠷ ᠵᠠᠮᠨᠠᠵᠤ ᠪᠠᠢ᠌ᠨ᠎ᠠ
ᠨᠡᠶᠢᠲᠡᠯᠡᠭᠰᠡᠨ ᠴᠠᠭ᠄ 2022-06-27

    6 ᠳ᠋ᠤᠭ᠋ᠠᠷ ᠰᠠᠷ᠎ᠠ ᠵᠢᠨ 25᠎ᠤ ᠡᠳᠦᠷ᠂ 《ᠨᠤᠲᠤᠭ ᠪᠡᠯᠴᠢᠭᠡᠷ᠎ᠤᠨ ᠪᠦᠲᠦᠭᠡᠨ ᠪᠠᠢ᠌ᠭᠤᠯᠤᠯᠲᠠ ᠵᠢᠨ ᠠᠮᠢ ᠠᠬᠤᠢ ᠵᠢᠨ ᠪᠣᠯᠪᠠᠰᠤᠨ᠎ᠢ ᠬᠠᠤᠯᠢ ᠶᠣᠰᠣᠭ᠋ᠠᠷ ᠬᠠᠮᠠᠭ᠋ᠠᠯᠠᠬᠤ》᠎ᠪᠠᠷ ᠭᠣᠣᠯ ᠰᠡᠳᠦᠪ ᠪᠣᠯᠭ᠋ᠠᠭᠰᠠᠨ 2022 ᠣᠨ᠎ᠤ ᠪᠥᠬᠥ ᠣᠷᠣᠨ᠎ᠤ ᠨᠤᠲᠤᠭ ᠪᠡᠯᠴᠢᠭᠡᠷ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠬᠥᠯᠥᠨ ᠪᠣᠶ᠋ᠢᠷ ᠬᠣᠲᠠ᠎ᠳᠤ ᠶᠠᠪᠤᠭᠳᠠᠪᠠ᠃ ᠣᠯᠠᠨ ᠵᠢᠯ᠎ᠤᠨ ᠲᠤᠷᠰᠢ ᠥᠪᠥᠷ ᠮᠣᠩᠭᠣᠯ ᠨᠤᠲᠤᠭ ᠪᠡᠯᠴᠢᠭᠡᠷ᠂ ᠣᠶ ᠰᠢᠭᠤᠢ ᠵᠢ ᠬᠠᠮᠠᠭ᠋ᠠᠯᠠᠬᠤ ᠵᠢ ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠵᠢᠨ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠠᠯᠢ ᠣᠯᠠᠨ ᠡᠬᠦᠳᠤᠯᠴᠢ᠂ ᠥᠪᠡᠷᠮᠢᠴᠡ ᠠᠷᠭ᠎ᠠ᠎ᠪᠠᠷ ᠪᠥᠬᠥ ᠣᠷᠣᠨ᠎ᠤ ᠨᠤᠲᠤᠭ ᠪᠡᠯᠴᠢᠭᠡᠷ᠎ᠤᠨ ᠠᠮᠢ ᠠᠬᠤᠢ᠂ ᠮᠠᠯᠴᠢᠳ᠎ᠤᠨ ᠠᠮᠢᠳᠤᠷᠠᠯ᠂ ᠮᠠᠯ ᠠᠵᠤ ᠠᠬᠤᠢ ᠵᠢᠨ ᠬᠥᠭᠵᠢᠯᠲᠡ ᠪᠥᠬᠥ ᠲᠠᠯ᠎ᠠ᠎ᠪᠠᠷ ᠰᠠᠢ᠌ᠵᠢᠷᠠᠭᠤᠯᠵᠤ᠂ ᠥᠪᠥᠷ ᠮᠣᠩᠭᠣᠯ᠎ᠤᠨ ᠣᠨᠴᠠᠯᠢᠭ ᠪᠦᠬᠦᠢ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠰᠢᠨ᠎ᠡ ᠵᠠᠮ᠎ᠢ ᠨᠡᠭᠡᠭᠡᠭᠰᠡᠨ ᠪᠠᠢ᠌ᠨ᠎ᠠ᠃
ᠤᠢ ᠰᠢᠭᠤᠢ ᠪᠠ ᠨᠤᠲᠤᠭ ᠪᠡᠯᠴᠢᠭᠡᠷ᠎ᠨᠢ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠳᠤ ᠰᠠᠭᠤᠷᠢᠯᠠᠬᠤ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠦᠢ᠍ᠯᠡᠳᠦᠯ᠎ᠲᠠᠢ ᠶᠤᠮ᠂ ᠤᠢ ᠰᠢᠭᠤᠢ ᠡᠪᠡᠰᠦ ᠪᠡᠯᠴᠢᠭᠡᠷ ᠰᠠᠬᠤᠯᠢᠬ᠍ᠵᠢᠪᠠᠯ ᠠᠮᠢ ᠠᠬᠤᠢ  ᠰᠠᠢ᠌ᠵᠢᠷᠠᠨ᠎ᠠ᠃ ᠤᠯᠤᠰ᠎ᠤᠨ ᠨᠤᠲᠤᠭ ᠳᠡᠪᠢᠰᠬᠡᠷ᠎ᠤᠨ 《ᠭᠤᠷᠪᠠ ᠵᠢ ᠲᠣᠬᠢᠷᠠᠭᠤᠯᠬᠤ》 ᠵᠢᠨ ᠦᠷ᠎ᠡ ᠳ᠋ᠦᠩ᠎ᠠᠴᠠ ᠦᠵᠡᠪᠡᠯ᠂ ᠥᠪᠥᠷ ᠮᠣᠩᠭᠣᠯ᠎ᠤᠨ ᠡᠪᠡᠰᠤ ᠪᠡᠯᠴᠢᠭᠡᠷ᠎ᠤᠨ ᠲᠠᠯᠠᠪᠠᠶ᠎ᠨᠢ ᠪᠦᠬᠦ ᠨᠤᠲᠤᠭ ᠳᠡᠪᠢᠰᠬᠡᠷ᠎ᠤᠨ 46% ᠵᠢ ᠡᠵᠡᠯᠡᠵᠦ᠂ ᠲᠠᠷᠢᠶᠠᠨ ᠭᠠᠵᠠᠷ᠎ᠤᠨ 4 ᠳᠠᠬᠢᠨ᠂ ᠣᠢ᠌ᠲᠤ ᠭᠠᠵᠠᠷ᠎ᠤᠨ 2 ᠳᠠᠬᠢᠨ ᠪᠠᠢ᠌ᠭ᠎ᠠ ᠶᠤᠮ᠃ ᠥᠪᠥᠷ ᠮᠣᠩᠭᠣᠯ᠎ᠤᠨ ᠴᠢᠬᠤᠯᠠ ᠠᠮᠢ ᠠᠬᠤᠢ ᠵᠢᠨ ᠰᠢᠰᠲ᠋ᠧᠮ ᠪᠠ ᠪᠠᠢ᠌ᠭ᠋ᠠᠯᠢ ᠵᠢᠨ ᠡᠬᠢ ᠪᠠᠶᠠᠯᠢᠭ ᠪᠣᠯᠤᠭᠰᠠᠨ᠎ᠤ ᠬᠤᠪᠢ᠎ᠳᠤ᠂ ᠨᠤᠲᠤᠭ ᠪᠡᠯᠴᠢᠭᠡᠷ᠎ᠨᠢ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠂ ᠬᠢᠯᠢ ᠬᠢᠵᠠᠭ᠋ᠠᠷ᠎ᠤᠨ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ᠂ ᠦᠨᠳᠦᠰᠦᠲᠡᠨ᠎ᠤ ᠪᠦᠯᠬᠦᠮᠳᠡᠯ ᠪᠠ ᠠᠵᠤ ᠠᠬᠤᠢ ᠨᠡᠢ᠌ᠭᠡᠮ᠎ᠤᠨ ᠦᠷᠬᠦᠯᠵᠢᠯᠡᠬᠦ ᠬᠥᠭᠵᠢᠯᠲᠡ ᠵᠢ ᠠᠬᠢᠭᠤᠯᠬᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠵᠡᠷᠭᠡ ᠲᠠᠯ᠎ᠠ᠎ᠪᠠᠷ ᠮᠠᠰᠢ ᠴᠢᠬᠤᠯᠠ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠰᠠᠭᠤᠷᠢ᠎ᠲᠠᠢ ᠪᠢᠯᠨ᠃
    ᠮᠠᠨ᠎ᠤ ᠤᠷᠤᠨ ᠣᠯᠠᠨ ᠵᠢᠯ᠎ᠤᠨ ᠲᠤᠷᠰᠢ᠂ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ 《ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠳᠦᠷᠢᠮ》 《ᠦᠨᠳᠦᠰᠦᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠳᠦᠷᠢᠮ》  《ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠪᠠ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠠ ᠪᠡᠯᠴᠢᠭᠡᠷᠯᠡᠭᠦᠯᠬᠦ ᠵᠢ ᠵᠣᠭᠰᠤᠭ᠋ᠠᠬᠤ ᠳᠦᠷᠢᠮ》 《ᠨᠤᠲᠤᠭ ᠪᠡᠯᠴᠢᠭᠡᠷ᠎ᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠰᠠᠨᠠᠯ》 ᠵᠡᠷᠭᠡ ᠣᠷᠣᠨ ᠨᠤᠲᠤᠭ᠎ᠤᠨ ᠴᠢᠨᠠᠷᠲᠠᠢ ᠬᠠᠤᠯᠢ ᠳᠦᠷᠢᠮ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠢ᠌ᠲᠡᠯᠡᠵᠦ᠂ ᠨᠤᠲᠤᠭ ᠪᠡᠯᠴᠢᠭᠡᠷ᠎ᠢ ᠬᠠᠤᠯᠢ ᠶᠣᠰᠣᠭ᠋ᠠᠷ ᠬᠠᠮᠠᠭ᠋ᠠᠯᠠᠬᠤ᠂ ᠮᠠᠯᠴᠢᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠎ᠳᠤ ᠴᠢᠩᠭ᠎ᠠ ᠬᠦᠴᠦᠲᠡᠢ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃
    ᠡᠭᠦᠨ᠎ᠤ ᠬᠠᠮᠲᠤ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠰᠡᠷᠭᠦᠭᠡᠯᠲᠡ ᠵᠢ ᠶᠡᠬᠡ᠎ᠪᠠᠷ ᠠᠬᠢᠭᠤᠯᠵᠤ᠂ ᠨᠤᠲᠤᠭ ᠪᠡᠯᠴᠢᠭᠡᠷ᠎ᠤᠨ ᠴᠢᠬᠤᠯᠠ ᠶᠡᠬᠡ ᠠᠮᠢ ᠠᠬᠤᠢ ᠵᠢᠨ ᠢᠨᠵᠧᠨᠧᠷᠢᠩ᠎ᠤᠨ ᠪᠠᠢ᠌ᠭᠤᠯᠤᠯᠲᠠ ᠵᠢ ᠠᠮᠢ ᠠᠬᠤᠢ ᠵᠢᠨ ᠬᠠᠮᠠᠭ᠋ᠠᠯᠠᠯᠲᠠ ᠵᠢᠨ ᠬᠤᠷᠢᠭ᠎ᠢ ᠴᠢᠩᠭ᠎ᠠ ᠰᠠᠬᠢᠵᠤ᠂ ᠦᠨᠳᠦᠰᠦᠨ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠳᠦᠷᠢᠮ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠳᠦᠷᠢᠮ ᠪᠣᠯᠣᠨ ᠪᠡᠯᠴᠢᠭᠡᠷᠯᠡᠭᠦᠯᠬᠦ ᠵᠢ ᠵᠣᠭᠰᠤᠭ᠋ᠠᠬᠤ ᠳᠦᠷᠢᠮ᠎ᠢ ᠪᠦᠬᠦ ᠲᠠᠯ᠎ᠠ ᠎ᠪᠠᠷ ᠨᠠᠢ᠌ᠳᠠᠪᠤᠷᠢᠵᠢᠭᠤᠯᠵᠤ᠂ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭᠯᠡᠬᠦ ᠵᠥᠪᠰᠢᠶᠡᠷᠡᠯ᠎ᠤᠨ ᠭᠠᠷ ᠭᠦᠢ᠍ᠴᠡᠳᠬᠡᠯ᠎ᠢ ᠴᠢᠩᠳᠠᠯᠠᠵᠤ᠂ ᠨᠤᠲᠤᠭ ᠪᠡᠯᠴᠢᠭᠡᠷ᠎ᠤᠨ ᠬᠡᠷᠡᠭᠴᠡᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠤᠭᠰᠠᠨ᠂ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠠᠤᠯᠢ ᠪᠤᠰᠤ᠎ᠪᠠᠷ ᠵᠥᠪᠰᠢᠶᠡᠷᠡᠭᠰᠡᠨ ᠪᠠ ᠵᠥᠪᠰᠢᠶᠡᠷᠡᠯ ᠣᠯᠣᠭᠰᠠᠨ ᠦᠭᠡᠢ᠎ᠪᠠᠷ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠭᠰᠡᠨ ᠬᠠᠤᠯᠢ᠎ᠠᠴᠠ ᠵᠥᠷᠢᠴᠡᠭᠰᠡᠨ ᠬᠡᠷᠡᠭ᠎ᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠵᠠᠰᠠᠯᠲᠠ ᠵᠢᠨ ᠰᠢᠰᠲᠸᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ᠎ᠤᠨ ᠡᠵᠡᠩᠨᠡᠯᠲᠡ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠦᠨ᠂ ᠨᠤᠲᠤᠭ ᠪᠡᠯᠴᠢᠭᠡᠷ᠎ᠤᠨ ᠰᠢᠨᠵᠢᠯᠡᠬᠦ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠥ ᠣᠷᠣᠨ᠎ᠤ ᠨᠤᠲᠤᠭ ᠪᠡᠯᠴᠢᠭᠡᠷ᠎ᠤᠨ ᠶᠡᠷᠦᠩᠬᠡᠢ᠌ᠯᠡᠭᠰᠡᠨ ᠤᠷᠭᠤᠮᠠᠯ᠎ᠤᠨ ᠬᠤᠴᠢᠯᠭ᠎ᠠ ᠵᠢ 45%᠎ᠳᠤ ᠬᠦᠷᠴᠦ᠂ ᠵᠢᠯ ᠪᠦᠷᠢ ᠳᠤᠮᠳᠠᠴᠢ᠎ᠪᠠᠷ 3000 ᠲᠦᠮᠡᠨ ᠮᠦ᠍ ᠡᠪᠡᠰᠦ ᠳᠠᠷᠢᠬᠤ ᠡᠭᠦᠷᠭᠡ ᠵᠢ ᠪᠡᠶᠡᠯᠡᠭᠦᠯᠵᠦ᠂ ᠬᠥᠷᠥᠰᠥ ᠰᠢᠷᠣᠢ ᠵᠢ ᠬᠠᠮᠠᠭ᠋ᠠᠯᠠᠬᠤ᠂ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠢᠨ ᠬᠠᠮᠳᠤ ᠠᠮᠢ ᠠᠬᠤᠢ ᠵᠢᠨ ᠦᠢ᠍ᠯᠡᠴᠢᠯᠡᠭᠡᠨ᠎ᠤ ᠴᠢᠳᠠᠮᠵᠢ ᠵᠢ  ᠦᠨᠡᠨ ᠬᠦ᠌ ᠪᠠᠳᠠᠷᠠᠭᠤᠯᠪᠠ᠃ ᠪᠥᠬᠥ ᠣᠷᠣᠨ᠎ᠳᠤ ᠵᠢᠯ ᠪᠦᠷᠢ 4.04 ᠳ᠋ᠦᠩᠰᠢᠭᠤᠷ ᠮᠦ᠍ ᠨᠤᠲᠤᠭ ᠪᠡᠯᠴᠢᠭᠡᠷ᠎ᠢ ᠪᠡᠯᠴᠢᠭᠡᠷᠯᠡᠭᠦᠯᠬᠦ ᠵᠢ ᠴᠠᠭ᠋ᠠᠵᠠᠯᠠᠬᠤ᠎ᠪᠠᠷ ᠳᠠᠮᠵᠢᠭᠤᠯᠤᠨ ᠰᠡᠷᠬᠦᠬᠡᠵᠤ᠂ 6.16 ᠳ᠋ᠦᠩᠰᠢᠭᠤᠷ ᠮᠦ᠍ ᠨᠤᠲᠤᠭ ᠪᠡᠯᠴᠢᠭᠡᠷ᠎ᠢ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ᠎ᠪᠠᠷ ᠳᠠᠮᠵᠢᠭᠤᠯᠤᠨ ᠵᠦᠢ ᠵᠣᠬᠢᠰᠲᠠᠢ ᠠᠰᠢᠭᠯᠠᠵᠤ᠂ 140 ᠭᠠᠷᠤᠢ ᠲᠦᠮᠡᠨ ᠮᠠᠯᠴᠢᠨ ᠲᠠᠷᠢᠶᠠᠴᠢᠨ  ᠠᠰᠢᠭ ᠬᠦᠷᠲᠡᠵᠦ ᠪᠠᠢ᠌ᠨ᠎ᠠ᠃
    ᠲᠠᠷᠠᠭ᠋ᠠᠴᠢ᠎ᠪᠠᠷ ᠮᠠᠨ᠎ᠤ ᠣᠷᠣᠨ 《ᠨᠢᠬᠡ ᠱᠤᠭᠤᠮ ᠨᠢᠭᠡ ᠲᠣᠭᠣᠷᠢᠭ ᠬᠣᠶᠠᠷ ᠪᠦᠰᠡ》᠎ᠳᠤ ᠦᠷᠬᠦᠯᠵᠢᠯᠡᠨ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠰᠢᠰᠲ᠋ᠧᠮ᠎ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠰᠢᠰᠲ᠋ᠧᠮ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ   ᠠᠷᠢᠭᠤᠳᠬᠠᠬᠤ ᠬᠡᠮᠵᠢᠶ᠎ᠡ ᠵᠢ ᠳᠡᠭᠡᠭᠰᠢᠯᠡᠭᠦᠯᠵᠦ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷᠯᠢᠭ ᠬᠥᠭᠵᠢᠯᠲᠡ ᠵᠢᠨ ᠰᠢᠨ᠎ᠡ ᠵᠠᠮ ᠵᠶ᠋ᠠᠷ ᠭᠤᠢ᠌ᠪᠢᠰᠢ ᠦᠭᠡᠢ ᠵᠠᠮᠨᠠᠬᠤ ᠪᠤᠯᠤᠨ᠎ᠠ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠤ᠎ᠬᠢ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ
ᠪᠡᠭᠡᠵᠢᠩ ᠥᠪᠥᠷ ᠮᠣᠩᠭᠣᠯ ᠬᠠᠮᠵᠢᠯᠴᠠᠨ ᠮᠠᠨ᠎ᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠠᠬᠢᠭᠤᠯᠵᠤ ᠪᠠᠢ᠌ᠨ᠎ᠠ
ᠠᠷᠪᠠᠨ ᠨᠢᠭᠡᠳᠦᠭᠡᠷ ᠬᠤᠭᠤᠴᠠᠭ᠋ᠠᠨ᠎ᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ 13 ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠨᠢᠭᠡᠨᠲᠡ ᠲᠣᠭᠣᠷᠢᠨ ᠪᠠᠢ᠌ᠴᠠᠭ᠋ᠠᠭᠳᠠᠬᠤ ᠨᠢᠬᠡᠴᠢ᠎ᠳᠤ ᠣᠷᠣᠵᠤ ᠰᠠᠭᠤᠪᠠ
ᠮᠠᠨ᠎ᠤ ᠣᠷᠣᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠬᠠᠮᠢᠶᠠᠷᠤᠯᠳᠠ ᠵᠢᠨ ᠬᠠᠤᠯᠢ ᠬᠡᠷᠡᠭᠵᠢᠭᠦᠯᠬᠦ ᠰᠢᠰᠲᠸᠮ᠎ᠤᠨ ᠪᠠᠢ᠌ᠭᠤᠯᠤᠯᠳᠠ ᠵᠢ ᠲᠦᠷᠬᠡᠳᠬᠡᠵᠤ ᠪᠠᠢ᠌ᠨ᠎ᠠ
ᠮᠠᠨ᠎ᠤ ᠣᠷᠣᠨ᠎ᠤ 6 ᠬᠣᠲᠠ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠣᠲᠠ᠎ᠪᠠᠷ ᠳᠠᠬᠢᠨᠲᠠ ᠦᠨᠡᠯᠡᠭᠳᠡᠪᠡ
 
            