6 ᠳ᠋ᠤᠭ᠋ᠠᠷ ᠰᠠᠷ᠎ᠠ ᠵᠢᠨ 5᠎ᠤ ᠡᠳᠦᠷ ᠪᠣᠯ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ ᠪᠣᠯᠣᠨ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠠᠴᠠ ᠣᠢ᠌ᠯᠠᠭ᠋ᠠᠭᠰᠠᠨ᠎ᠨᠢ᠂ ᠣᠢ᠌ᠷ᠎ᠠ ᠵᠢᠨ ᠵᠢᠯ᠎ᠤᠳ᠎ᠲᠤ᠂ ᠮᠠᠨ᠎ᠤ ᠤᠷᠤᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠭᠣᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠵᠢ ᠪᠠᠢ᠌ᠴᠠᠭ᠋ᠠᠵᠤ ᠴᠡᠭᠴᠡᠯᠡᠨ ᠵᠠᠰᠠᠬᠤ ᠪᠠ ᠬᠠᠲᠤᠨ ᠭᠣᠣᠯ᠎ᠤᠨ ᠵᠠᠮ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠠᠬᠢᠭᠤᠯᠵᠤ᠂ ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠰᠡᠷᠭᠦᠭᠡᠯᠲᠡ ᠵᠢ ᠴᠢᠩᠭ᠋ᠠᠳᠬᠠᠨ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠦᠨᠡᠨ ᠬᠦ᠌ ᠠᠬᠢᠭᠤᠯᠪᠠ᠃
ᠪᠦᠷᠢᠳᠬᠡᠯ ᠵᠶ᠋ᠡᠷ᠂ ᠮᠠᠨ᠎ᠤ ᠣᠷᠣᠨ ᠬᠠᠲᠤᠨ ᠭᠣᠣᠯ᠎ᠤᠨ ᠰᠠᠪᠠ ᠲᠠᠭ᠋ᠠᠤ ᠨᠠᠮᠤᠭ ᠭᠠᠵᠠᠷ᠎ᠲᠤ᠎ᠬᠢ ᠦᠨᠳᠤᠷ ᠡᠰᠢᠳᠤ ᠲᠠᠷᠢᠮᠠᠯ᠎ᠢ 23.97 ᠲᠦᠮᠡᠨ ᠮᠦ᠍ ᠴᠠᠭ᠋ᠠᠵᠠᠯᠠᠵᠤ᠂ ᠰᠠᠪᠠ ᠭᠠᠵᠠᠷ᠎ᠤᠨ ᠳᠣᠲᠣᠷᠠᠬᠢ ᠬᠥᠷᠥᠰᠥ ᠰᠢᠷᠣᠢ ᠵᠢᠨ ᠢᠳᠡᠭᠳᠡᠯ᠎ᠢ 381 ᠲᠦᠮᠡᠨ ᠮᠦ᠍ ᠶᠡᠷᠦᠩᠬᠡᠢ᠌ᠯᠡᠨ ᠵᠠᠰᠠᠵᠤ ᠂ ᠣᠶ ᠰᠢᠭᠤᠢ ᠡᠪᠡᠰᠦᠨ᠎ᠤ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢ 975.4 ᠲᠦᠮᠡᠨ ᠮᠦ᠍ ᠪᠡᠶᠡᠯᠡᠭᠦᠯᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠠᠵᠢᠯ ᠵᠣᠬᠢᠬᠤ ᠦᠷ᠎ᠡ ᠪᠦᠲᠦᠮᠵᠢ ᠣᠯᠪᠠ᠃
ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠶᠡᠷᠦᠩᠬᠡᠢ᠌ᠯᠡᠭᠰᠡᠨ ᠵᠢᠭ᠋ᠠᠯᠲᠠ ᠲᠣᠭ᠎ᠠ ᠵᠢᠨ ᠦᠨᠡᠯᠡᠯᠲᠡ ᠵᠢ ᠦᠨᠳᠤᠰᠤᠯᠡᠪᠡᠯ᠂ ᠬᠠᠲᠤᠨ ᠭᠣᠣᠯ᠎ᠤᠨ ᠰᠠᠪᠠ ᠭᠠᠵᠠᠷ᠎ᠤᠨ 7 ᠠᠢ᠌ᠮᠠᠭ ᠬᠣᠲᠠ (ᠬᠥᠬᠡᠬᠣᠲᠠ᠂ ᠪᠤᠭᠤᠲᠤ ᠬᠣᠲᠠ᠂ ᠤᠯᠠᠭ᠋ᠠᠨᠴᠠᠪ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠂ ᠦᠬᠠᠢ ᠬᠣᠲᠠ ᠪᠠ ᠠᠯᠠᠱ᠌ᠠ ᠠᠢ᠌ᠮᠠᠭ) ᠵᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ ᠴᠥᠮ ᠰᠠᠢ᠌ᠵᠢᠷᠠᠯᠲᠠ᠎ᠲᠠᠢ ᠪᠣᠯᠪᠠ᠃
2022 ᠣᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠬᠠᠲᠤᠨ ᠭᠣᠣᠯ᠎ᠤᠨ ᠰᠠᠪᠠ ᠭᠠᠵᠠᠷ᠎ᠤᠨ ᠬᠢᠨᠠᠨ ᠬᠡᠮᠵᠢᠬᠦ ᠰᠢᠰᠲ᠋ᠧᠮ᠎ᠤᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠲᠣᠣᠷ ᠰᠦᠯᠵᠢᠶ᠎ᠡ᠂ ᠬᠠᠲᠤᠨ ᠭᠣᠣᠯ᠎ᠤᠨ ᠰᠠᠪᠠ ᠭᠠᠵᠠᠷ᠎ᠤᠨ ᠤᠰᠤᠯᠠᠯᠲᠠ ᠵᠢᠨ ᠬᠡᠪᠴᠢᠶ᠎ᠡ᠎ᠨᠢ 10 ᠲᠦᠮᠡᠨ ᠮᠦ᠍ ᠪᠠ ᠲᠡᠭᠦᠨ᠎ᠠᠴᠠ ᠳᠡᠭᠡᠭᠰᠢᠬᠢ ᠲᠠᠷᠢᠶᠠᠨ ᠭᠠᠵᠠᠷ᠎ᠤᠨ ᠤᠰᠤᠯᠠᠯᠲᠠ ᠵᠢᠨ ᠣᠷᠣᠨ᠎ᠳᠤ ᠭᠠᠵᠠᠷ᠎ᠤᠨ ᠭᠠᠳᠠᠷᠭᠤ ᠵᠢᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠴᠡᠭ᠎ᠤᠨ ᠪᠠᠢ᠌ᠷᠢ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠣᠷᠣᠨ᠎ᠤ ᠬᠢᠨᠠᠨ ᠬᠡᠮᠵᠢᠬᠦ ᠴᠡᠭ᠎ᠤᠨ ᠪᠠᠢ᠌ᠷᠢ ᠪᠠ ᠤᠰᠤ ᠲᠠᠲᠠᠷᠠᠭᠤᠯᠬᠤ ᠵᠢ ᠬᠢᠨᠠᠨ ᠬᠡᠮᠵᠢᠬᠦ ᠴᠡᠭ᠎ᠤᠨ ᠪᠠᠢ᠌ᠷᠢ ᠵᠢ ᠲᠤᠬᠢᠷᠠᠭᠤᠯᠤᠬᠰᠠᠨ᠎ᠤ ᠬᠠᠮᠲᠤ ᠤᠰᠤᠨ᠎ᠤ ᠴᠢᠨᠠᠷ᠎ᠢ ᠬᠢᠨᠠᠨ ᠬᠡᠮᠵᠢᠬᠦ ᠠᠵᠢᠯ᠎ᠢ ᠥᠷᠨᠢᠭᠦᠯᠬᠦ ᠵᠢᠨ ᠬᠠᠮᠲᠤ ᠬᠠᠲᠤᠨ ᠭᠣᠣᠯ᠎ᠳᠤ ᠪᠣᠬᠢᠷᠳᠤᠯ ᠭᠠᠳᠠᠭᠰᠢᠯᠠᠭᠤᠯᠬᠤ ᠠᠮᠠ ᠵᠢ ᠬᠢᠨᠠᠨ ᠬᠡᠮᠵᠢᠬᠦ ᠠᠵᠢᠯ᠎ᠢ ᠴᠢᠩᠭ᠋ᠠᠳᠬᠠᠵᠤ᠂ ᠭᠣᠣᠯ᠎ᠳᠤ ᠪᠣᠬᠢᠷᠳᠤᠯ ᠭᠠᠳᠠᠭᠰᠢᠯᠠᠭᠤᠯᠬᠤ ᠠᠮᠠ ᠵᠢᠨ ᠬᠠᠮᠢᠶᠠᠷᠤᠯᠲᠠ ᠵᠢᠨ ᠲᠠᠪᠴᠠᠩ᠎ᠢ ᠲᠡᠭᠦᠯᠳᠡᠷᠵᠢᠭᠦᠯᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ ᠪᠠ ᠵᠠᠰᠠᠯᠲᠠ ᠵᠢ ᠴᠢᠩᠭ᠋ᠠᠳᠬᠠᠬᠤ᠎ᠳᠤ ᠨᠡᠩ ᠨᠠᠢ᠌ᠳᠠᠪᠤᠷᠢᠲᠠᠢ ᠦᠨᠳᠦᠰᠦ ᠪᠠᠷᠢᠮᠲᠠ ᠬᠠᠡᠭᠭ᠋ᠠᠵᠤ ᠪᠠᠢ᠌ᠨ᠎ᠠ᠃