ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ 2022 ᠣᠨ᠎ᠤ 《6 · 5》᠎ᠤ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠶᠠᠪᠤᠬᠳᠠᠭᠤᠯᠪᠠ
ᠨᠡᠶᠢᠲᠡᠯᠡᠭᠰᠡᠨ ᠴᠠᠭ᠄ 2022-06-03

ᠵᠠᠩ ᠱᠣᠸ᠋ ᠴᠦᠨ ᠶᠠᠷᠢᠶ᠎ᠠ ᠲᠠᠯᠪᠢᠪᠠ

 
    6 ᠳ᠋ᠤᠭ᠋ᠠᠷ ᠰᠠᠷ᠎ᠠ ᠵᠢᠨ 2᠎ᠤᠨ ᠡᠳᠦᠷ᠎ᠤᠨ ᠦᠳᠡ ᠵᠢᠨ ᠡᠮᠦᠨ᠎ᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ 《  6 · 5》᠎ᠤ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠶᠠᠪᠤᠭᠳᠠᠪᠠ᠃ ᠠᠵᠢᠯᠯᠠᠭ᠎ᠠ᠎ᠨᠢ 《ᠠᠷᠢᠭᠤᠨ ᠴᠡᠪᠡᠷ ᠦᠵᠡᠰᠬᠦᠯᠡᠩᠲᠦ ᠰᠠᠢ᠌ᠬᠠᠨ ᠳᠡᠯᠡᠬᠡᠢ ᠶᠢᠷᠲᠢᠨᠴᠦ ᠵᠢ ᠬᠠᠮᠳᠤ᠎ᠪᠠᠷ ᠪᠠᠶ᠋ᠢᠭᠤᠯᠬᠤ》᠎ᠪᠠᠷ ᠭᠣᠣᠯ ᠰᠡᠳᠦᠪ ᠪᠣᠯᠭ᠋ᠠᠵᠤ᠂ ᠪᠦᠬᠦ ᠣᠷᠣᠨ᠎ᠤ ᠺᠠᠳ᠋ᠷ ᠤᠯᠠᠨ ᠲᠦᠮᠡᠨ ᠪᠣᠳᠠᠲᠤ ᠠᠵᠢᠯᠯᠠᠭ᠎ᠠ᠎ᠪᠠᠷ ᠵᠶ᠋ᠠᠨ ᠲᠡᠭᠷᠢ ᠴᠡᠯᠮᠡᠭ᠂ ᠭᠠᠵᠠᠷ ᠤᠰᠤ ᠲᠤᠩᠭ᠋ᠠᠯᠠᠭ ᠰᠠᠢ᠌ᠨ ᠰᠠᠢ᠌ᠬᠠᠨ ᠭᠡᠷ ᠣᠷᠣᠨ᠎ᠢ ᠴᠣᠭᠴᠠᠯᠠᠵᠤ᠂ ᠰᠢᠯᠢᠳᠡᠭ ᠠᠮᠵᠢᠯᠲᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠵᠢ ᠤᠷᠢᠶᠠᠯᠠᠪᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠠᠩ ᠱᠣᠸ᠋ ᠴᠦᠨ ᠠᠵᠢᠯᠯᠠᠭ᠎ᠠ᠎ᠳᠤ ᠣᠷᠣᠯᠴᠠᠵᠤ ᠶᠠᠷᠢᠶ᠎ᠠ ᠲᠠᠯᠪᠢᠪᠠ᠃
    ᠵᠠᠩ ᠱᠤᠤ ᠴᠦᠨ ᠬᠡᠯᠡᠭᠰᠡᠨ᠎ᠨᠢ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠣᠷᠣᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠢᠮᠠᠭᠲᠠ ᠪᠠᠷᠢᠮᠲᠠᠯᠠᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠮᠡᠳᠡᠭᠳᠡᠮ᠎ᠡ ᠳᠡᠭᠡᠭᠰᠢᠯᠡᠭᠦᠯᠵᠦ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ᠎ᠨᠢ ᠪᠦᠬᠦ ᠨᠡᠢ᠌ᠭᠡᠮ᠎ᠤᠨ ᠬᠠᠮᠲᠤ ᠵᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠵᠠᠢ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠂ ᠪᠢᠳᠡ ᠰᠢ ᠵᠢᠨ ᠫᠢᠩ ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠵᠢ ᠪᠠᠭ᠋ᠠᠰᠬᠠᠵᠤ ᠪᠣᠬᠢᠷᠳᠤᠯ᠎ᠢ ᠪᠠᠭ᠋ᠠᠰᠬᠠᠵᠤ ᠨᠣᠭᠣᠭ᠋ᠠᠷᠠᠭᠤᠯᠤᠯᠲᠠ ᠵᠢ ᠥᠷᠭᠡᠳᠬᠡᠬᠦ ᠨᠡᠮᠡᠭᠳᠡᠯ᠎ᠢ ᠬᠠᠮᠵᠢᠯᠴᠠᠨ ᠠᠬᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠳᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠠᠷᠠᠳ ᠤᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠦᠵᠡᠰᠬᠦᠯᠡᠩᠲᠦ ᠰᠠᠢ᠌ᠬᠠᠨ ᠠᠮᠢ ᠠᠬᠤᠢ ᠣᠷᠴᠢᠨ ᠲᠣᠭᠣᠷᠢᠨ᠎ᠤ ᠬᠡᠷᠡᠭᠴᠡᠭᠡ ᠵᠢ ᠨᠡᠩ ᠰᠠᠢ᠌ᠲᠤᠷ ᠬᠠᠩᠭ᠋ᠠᠬᠤ ᠬᠡᠷᠡᠭᠲᠡᠢ᠃
     ᠲᠤᠰ ᠡᠳᠦᠷ᠂ ᠡᠯ᠎ᠡ ᠠᠢ᠌ᠮᠠᠭ ᠬᠣᠲᠠ ᠵᠢᠨ᠎ᠬᠢᠨ ᠴᠦ᠍ ᠣᠯᠠᠨ ᠶᠠᠩᠵᠤ᠎ᠲᠠᠢ᠂ ᠡᠯᠪᠡᠭ ᠪᠠᠶᠠᠯᠢᠭ ᠠᠭᠤᠯᠭ᠎ᠠ ᠪᠦᠬᠦᠢ ᠤᠬᠠᠭᠤᠯᠭ᠎ᠠ ᠵᠢᠨ ᠠᠵᠢᠯᠯᠠᠭ᠎ᠠ ᠵᠢ ᠵᠡᠷᠬᠡ᠎ᠪᠠᠷ ᠥᠷᠨᠢᠭᠦᠯᠵᠦ᠂ 《6 · 5》᠎ᠤᠨ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪᠲᠦ ᠤᠬᠠᠭᠤᠯᠭ᠎ᠠ ᠵᠢᠨ ᠥᠷᠨᠢᠯᠲᠡ ᠵᠢ ᠪᠣᠶ ᠪᠣᠯᠭ᠋ᠠᠪᠠ᠃




 



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ ᠦᠷᠬᠦᠯᠵᠢᠯᠡᠨ ᠰᠠᠢ᠌ᠵᠢᠷᠠᠵᠤ ᠪᠠᠢ᠌ᠨ᠎ᠠ
ᠮᠠᠨ᠎ᠤ ᠣᠷᠣᠨ 《ᠬᠣᠷᠢᠳᠤᠭ᠋ᠠᠷ ᠶᠡᠬᠡ ᠬᠤᠷᠠᠯ᠎ᠢ ᠪᠠᠶᠠᠷᠯᠠᠨ ᠤᠭᠲᠤᠵᠤ᠂ ᠢᠷᠡᠬᠡᠳᠤᠢ᠎ᠪᠠᠨ ᠰᠡᠳᠬᠢᠯ ᠨᠢᠭᠡᠳᠦᠨ ᠬᠠᠮᠠᠭ᠋ᠠᠯᠠᠶ᠎ᠠ》 — ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠡᠬᠢᠯᠡᠬᠦᠯᠪᠡ
ᠮᠠᠨ᠎ᠤ ᠤᠷᠤᠨ ᠪᠥᠬᠥ ᠤᠯᠤᠰ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠰᠢᠶᠠᠨ᠎ᠢ ᠡᠬᠦᠳᠬᠦ ᠠᠵᠢᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠦᠨᠡᠯᠡᠯᠲᠡ ᠵᠢ ᠲᠠᠭᠤᠰᠬᠠᠪᠠ
ᠲᠥᠪ᠎ᠤᠨ ᠭᠤᠷᠪᠠᠳᠤᠭ᠋ᠠᠷ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠶ᠋ᠢᠯᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠶ᠋ᠢᠴᠢᠯᠠᠯᠲᠠ ᠵᠢᠨ ᠬᠤᠷᠠᠯ ᠬᠥᠬᠡᠬᠣᠲᠠ᠎ᠳᠤ ᠬᠤᠷᠠᠯᠳᠤᠪᠠ
ᠬᠥᠬᠡᠬᠣᠲᠠ ᠵᠢᠨ ᠰᠢᠨ᠎ᠡ᠎ᠪᠠᠷ ᠪᠠᠢ᠌ᠭᠤᠯᠤᠭᠰᠠᠨ ᠬᠡᠪᠴᠢᠶᠡᠵᠢᠭᠰᠡᠨ ᠮᠠᠯᠵᠢᠯ᠎ᠤᠨ ᠲᠠᠯᠠᠪᠠᠢ ᠵᠢᠨ ᠪᠠᠷᠢᠯᠭ᠎ᠠ ᠵᠢᠨ ᠠᠵᠢᠯ᠎ᠢ ᠲᠥᠪᠯᠡᠷᠡᠭᠦᠯᠦᠨ ᠡᠬᠢᠯᠡᠬᠦᠯᠪᠡ ᠪᠤᠤ ᠭᠠᠡᠭ᠂ ᠵᠠᠩ ᠱᠤᠤ ᠴᠦᠨ ᠠᠵᠢᠯᠯᠠᠭ᠎ᠠ ᠵᠢᠨ ᠶᠣᠰᠣᠯᠠᠯ᠎ᠳᠤ ᠣᠷᠣᠯᠴᠠᠪᠠ
 
            