6 ᠳ᠋ᠤᠭ᠋ᠠᠷ ᠰᠠᠷ᠎ᠠ ᠵᠢᠨ 29᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠠᠩ ᠱᠣᠸ᠋ ᠴᠦᠨ ᠸᠢᠳᠢᠤ᠋ ᠬᠤᠷᠠᠯ᠎ᠢ ᠡᠷᠭᠢᠯᠡᠨ ᠬᠤᠷᠠᠯᠳᠤᠭᠤᠯᠵᠤ᠂ ᠪᠥᠬᠥ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠤ᠎ᠬᠢ ᠭᠣᠣᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ᠃
ᠬᠤᠷᠠᠯ᠎ᠠᠴᠠ ᠴᠢᠬᠤᠯᠠᠴᠢᠯᠠᠬᠰᠠᠨ᠎ᠨᠢ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ 《ᠬᠢᠵᠢᠭ᠎ᠤᠨ ᠪᠠᠢ᠌ᠳᠠᠯ᠎ᠢ ᠰᠡᠷᠭᠡᠢ᠌ᠯᠡᠬᠦ᠂ ᠠᠵᠤ ᠠᠬᠤᠢ ᠵᠢ ᠲᠣᠭᠲᠠᠪᠤᠷᠢᠵᠢᠭᠤᠯᠬᠤ᠂ ᠬᠥᠭᠵᠢᠯᠲᠡ ᠵᠢ ᠠᠮᠤᠷ ᠲᠦᠪᠰᠢᠨ ᠪᠠᠢ᠌ᠯᠭ᠋ᠠᠬᠤ》 ᠲᠤᠬᠠᠢ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠪᠠᠲᠤᠳᠬᠠᠵᠤ᠂ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠤ᠎ᠬᠢ ᠲᠣᠪᠣᠢ᠌ᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠳᠤ ᠰᠠᠢ᠌ᠨ ᠰᠠᠢ᠌ᠬᠠᠨ ᠨᠡᠢ᠌ᠭᠡᠮ᠎ᠤᠨ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠢ᠃ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ ᠵᠢᠨ ᠲᠤᠬᠢᠷᠠᠭᠤᠯᠤᠯᠳᠠ ᠡᠵᠡᠮᠳᠡᠯ᠎ᠤᠨ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠬᠣᠲᠠ ᠵᠢᠨ ᠪᠠᠢ᠌ᠳᠠᠯᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠡᠷ ᠪᠠᠢ᠌ᠰᠢᠩ ᠭᠠᠵᠠᠷ ᠰᠢᠷᠣᠢ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠡᠷ ᠬᠦᠭᠵᠢᠬᠦ ᠵᠢ ᠪᠠᠳᠤᠯᠠᠬᠤ ᠬᠡᠷᠡᠭᠳᠡᠢ᠃ ᠥᠪᠡᠷᠲᠡᠭᠡᠨ ᠭᠡᠷ ᠪᠠᠷᠢᠬᠤ ᠪᠠ ᠬᠣᠲᠠ ᠪᠠᠯᠭ᠋ᠠᠰᠤ ᠵᠢᠨ ᠰᠢᠲᠠᠮᠠᠬᠠᠢ ᠬᠡᠢ ᠵᠢᠨ ᠠᠮᠤᠷ ᠲᠦᠪᠰᠢᠨ᠎ᠤ ᠵᠠᠰᠠᠯᠲᠠ ᠵᠢ ᠯᠠᠪᠳᠠᠭᠤᠨ ᠥᠷᠨᠢᠭᠦᠯᠵᠦ᠂ ᠬᠦᠨᠳᠦ ᠣᠨᠴᠠ ᠶᠡᠬᠡ ᠡᠨᠳᠡᠯ ᠭᠠᠷᠬᠤ ᠵᠢ ᠡᠷᠡᠰ ᠰᠡᠷᠭᠡᠢ᠌ᠯᠡᠬᠦ ᠬᠡᠷᠡᠭᠲᠡᠢ᠃ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ ᠵᠢᠨ ᠠᠵᠢᠯ᠎ᠢ ᠴᠢᠩᠭ᠋ᠠᠳᠬᠠᠵᠤ᠂ ᠣᠯᠠᠨ ᠲᠦᠮᠡᠨ᠎ᠤ ᠳᠤᠯᠠᠭ᠋ᠠᠨ ᠪᠦᠯᠢᠶᠡᠨ ᠡᠪᠦᠯᠵᠢᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠪᠠᠷᠢᠯᠭ᠎ᠠ ᠵᠢᠨ ᠦᠢ᠍ᠯᠡᠰ᠎ᠤᠨ ᠬᠥᠭᠵᠢᠯᠲᠡ ᠵᠢᠨ ᠬᠡᠯᠪᠡᠷᠢ ᠵᠢ ᠬᠦᠴᠦᠯᠡᠨ ᠬᠤᠪᠢᠷᠠᠭᠤᠯᠵᠤ᠂ ᠬᠤᠳᠠ ᠵᠢᠨ ᠶᠠᠪᠤᠳᠠᠯ᠎ᠤᠨ ᠰᠠᠭᠤᠷᠢ ᠲᠥᠬᠦᠭᠡᠷᠦᠮᠵᠢ ᠵᠢᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠵᠣᠬᠢᠰᠲᠠᠢ ᠤᠷᠢᠳᠴᠢᠯᠠᠨ ᠲᠥᠯᠥᠪᠵᠢᠭᠦᠯᠵᠦ᠂ ᠪᠠᠷᠢᠯᠭ᠎ᠠ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠲᠡᠢ᠃