ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠡᠭᠡᠵᠢᠩ ᠥᠪᠥᠷ ᠮᠣᠩᠭᠣᠯ ᠬᠠᠮᠵᠢᠯᠴᠠᠨ ᠮᠠᠨ᠎ᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠠᠬᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2022-07-13

     ᠪᠦᠬᠦ ᠣᠷᠣᠨ᠎ᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠠᠵᠢᠯ᠎ᠢ ᠠᠬᠢᠭᠤᠯᠬᠤ ᠬᠤᠷᠠᠯ᠎ᠠᠴᠠ ᠣᠢ᠌ᠯᠠᠭ᠋ᠠᠭᠰᠠᠨ ᠵᠢᠡᠷ᠂ ᠪᠡᠭᠡᠵᠢᠩ ᠥᠪᠥᠷ ᠮᠣᠩᠭᠣᠯ᠎ᠤᠨ ᠤᠯᠠᠨ ᠵᠢᠯ᠎ᠤᠨ ᠲᠤᠷᠰᠢᠬᠢ ᠬᠠᠮᠵᠢᠯᠴᠠᠭ᠎ᠠ᠎ᠨᠢ ᠮᠠᠨ᠎ᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠢᠯᠠᠯᠲᠠ ᠵᠢ ᠣᠯᠬᠤ᠎ᠳᠤ ᠬᠦᠴᠦ ᠨᠡᠮᠡᠷᠢᠯᠡᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠠᠢ᠃
   2021 ᠣᠨ᠎ᠳᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠨᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠪᠤᠯᠤᠨ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ ᠶᠣᠰᠣᠭ᠋ᠠᠷ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠯᠳᠠ ᠵᠢᠨ ᠦᠷ᠎ᠡ ᠪᠦᠲᠦᠭᠡᠯ᠎ᠢ ᠪᠡᠬᠢᠵᠢᠭᠦᠯᠬᠦ ᠵᠢ ᠲᠡᠷᠢᠭᠦᠨ ᠪᠠᠢ᠌ᠷᠢᠨ᠎ᠳᠤ ᠲᠠᠯᠪᠢᠵᠤ᠂ ᠬᠠᠮᠵᠢᠯᠴᠠᠭ᠎ᠠ᠎ᠪᠠᠨ ᠭᠦᠨᠵᠡᠭᠡᠢ᠌ᠷᠡᠭᠦᠯᠵᠦ᠂  ᠰᠢᠰᠲᠸᠮ᠎ᠢ ᠪᠦᠷᠢᠨᠰᠢᠭᠦᠯᠵᠦ᠂ ᠲᠣᠭᠲᠠᠴᠠ ᠵᠢ ᠲᠡᠭᠦᠯᠳᠡᠷᠵᠢᠭᠦᠯᠵᠦ᠂ ᠬᠦᠷᠢᠶ᠎ᠡ ᠬᠡᠪᠴᠢᠶ᠎ᠡ᠎ᠪᠠᠨ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ᠎ᠪᠠᠷ ᠲᠠᠬᠢᠨ ᠶᠠᠳᠠᠭᠤᠷᠠᠬᠤ ᠦᠭᠡᠢ ᠪᠠᠢ᠌ᠬᠤ ᠬᠣᠷᠢᠭ᠎ᠠ ᠱᠤᠭᠤᠮ᠎ᠢ ᠡᠷᠡᠰ ᠪᠠᠲᠤ ᠰᠠᠬᠢᠪᠠ᠃ 2021 ᠣᠨ᠎ᠤ ᠬᠠᠮᠵᠢᠯᠴᠠᠬᠤ ᠡᠭᠦᠷᠭᠡ ᠵᠢ ᠪᠦᠬᠦᠨ᠎ᠢ ᠳᠠᠪᠠᠭᠤᠯᠤᠨ ᠪᠡᠶᠡᠯᠡᠭᠦᠯᠵᠦ᠂ ᠪᠡᠭᠡᠵᠢᠩ ᠬᠣᠲᠠ ᠵᠢᠨ 97 ᠠᠵᠤ ᠠᠬᠤᠢ᠌ᠯᠠᠯ᠎ᠢ ᠣᠷᠣᠭᠤᠯᠤᠨ ᠠᠪᠴᠢᠷᠠᠵᠤ᠂ 51 ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠬᠠᠮᠲᠤ᠎ᠪᠠᠷ ᠪᠠᠢ᠌ᠭᠤᠯᠵᠤ᠂ 905 ᠬᠠᠮᠵᠢᠯᠴᠠᠬᠤ ᠲᠥᠷᠥᠯ ᠵᠦᠢ᠍ᠯ᠎ᠢ ᠬᠡᠷᠡᠭᠵᠢᠭᠦᠯᠦᠨ᠂ ᠪᠥᠬᠥ ᠵᠢᠯ᠎ᠤᠨ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠵᠣᠭᠣᠰᠤᠨ ᠲᠣᠭ᠎ᠠ ᠵᠠᠭᠤᠨ ᠳ᠋ᠦᠩᠰᠢᠭᠤᠷ᠎ᠤᠨ ᠪᠣᠭᠣᠮᠲᠠ ᠵᠢ ᠳᠠᠪᠠᠵᠤ᠂ 7.1 ᠲᠦᠮᠡᠨ ᠮᠠᠯᠴᠢᠨ ᠲᠠᠷᠢᠶᠠᠴᠢᠨ ᠬᠥᠳᠡᠯᠮᠦᠷᠢ ᠬᠦᠴᠦᠨ᠎ᠳᠤ ᠠᠵᠢᠯ ᠤᠯᠭᠤᠪᠠ᠂ ᠡᠭᠦᠨ᠎ᠳᠤ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ 5.1 ᠲᠦᠮᠡ ᠪᠠᠢ᠌ᠨ᠎ᠠ᠃ 《ᠪᠦᠯᠬᠦᠮ ᠪᠠᠶ᠋ᠢᠭᠤᠯᠬᠤ ᠮᠠᠶᠢᠭ》᠎ᠤᠨ ᠬᠠᠪᠰᠤᠷᠤᠨ ᠲᠡᠳᠬᠦᠬᠦ ᠵᠢ ᠭᠦᠨᠵᠡᠭᠡᠢ᠌ᠷᠡᠭᠦᠯᠵᠦ᠂ ᠮᠠᠨ᠎ᠤ ᠣᠷᠣᠨ᠎ᠤ ᠶᠠᠳᠠᠭᠤ᠎ᠠᠴᠠ ᠠᠩᠭᠢᠵᠢᠷᠠᠭᠰᠠᠨ ᠬᠣᠰᠢᠭᠤ ᠰᠢᠶᠠᠨ᠎ᠤ 468 ᠰᠤᠷᠭ᠋ᠠᠭᠤᠯᠢ᠂ 313 ᠡᠮᠨᠡᠯᠭᠡ ᠵᠢᠨ ᠬᠣᠷᠢᠶ᠎ᠠ᠎ᠨᠢ ᠪᠡᠭᠡᠵᠢᠩ ᠬᠣᠲᠠ ᠵᠢᠨ ᠬᠠᠷᠢᠶᠠᠲᠤ ᠰᠤᠷᠭ᠋ᠠᠭᠤᠯᠢ᠂ ᠡᠮᠨᠡᠯᠭᠡ ᠵᠢᠨ ᠬᠣᠷᠢᠶ᠎ᠠ᠎ᠲᠠᠢ 《ᠨᠢᠭᠡ᠎ᠳᠤ ᠨᠢᠭᠡ᠎ᠲᠠᠢ》 ᠬᠣᠣᠰᠯᠠᠪᠠ᠃
    ᠣᠢ᠌ᠯᠠᠭ᠋ᠠᠭᠰᠠᠨ ᠵᠶ᠋ᠠᠷ᠂ ᠦᠨᠤ ᠵᠢᠯ ᠮᠠᠨ᠎ᠤ ᠣᠷᠣᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯ᠎ᠤᠨ ᠰᠢᠨ᠎ᠡ ᠠᠷᠭ᠎ᠠ ᠵᠢ ᠡᠭᠦᠳᠴᠦ᠂ ᠡᠯ᠎ᠡ ᠵᠦᠢ᠍ᠯ᠎ᠤᠨ ᠠᠵᠢᠯ᠎ᠢ ᠠᠬᠢᠭᠤᠯᠤᠨ ᠰᠢᠨ᠎ᠡ ᠠᠬᠢᠴᠠ᠎ᠲᠠᠢ ᠪᠣᠯᠭ᠋ᠠᠪᠠ᠃ ᠠᠵᠤ ᠦᠢ᠍ᠯᠡᠰ᠎ᠤᠨ ᠬᠠᠮᠵᠢᠯᠴᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ  ᠠᠬᠢᠭᠤᠯᠪᠠ᠃ ᠪᠡᠭᠡᠵᠢᠩ ᠬᠣᠲᠠ ᠵᠢᠨ ᠠᠵᠤ ᠠᠬᠤᠢ᠌ᠯᠠᠯ᠎ᠤᠨ ᠮᠣᠩᠭᠣᠯ᠎ᠳᠤ ᠢᠷᠡᠵᠦ ᠪᠡᠯᠡ ᠣᠷᠣᠭᠤᠯᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠪᠠ ᠢᠵᠢ ᠪᠦᠷᠢᠳᠦᠭᠦᠯᠬᠦ ᠠᠷᠭ᠎ᠠ ᠵᠢ ᠰᠢᠯᠢᠳᠡᠭᠵᠢᠭᠦᠯᠦᠨ᠂ ᠪᠡᠭᠡᠵᠢᠩ ᠥᠪᠥᠷ ᠮᠣᠩᠭᠣᠯ᠎ᠤᠨ ᠠᠵᠤ ᠠᠬᠤᠢ᠌ᠯᠠᠯ᠎ᠢ ᠵᠣᠯᠭ᠋ᠠᠭᠤᠯᠬᠤ ᠲᠠᠪᠴᠠᠩ᠎ᠢ ᠪᠠᠢ᠌ᠭᠤᠯᠤᠨ᠂ ᠪᠡᠭᠡᠵᠢᠩ ᠬᠣᠲᠠ ᠵᠢᠨ ᠨᠠᠩ ᠣᠯᠠᠨ ᠠᠵᠤ ᠠᠬᠤᠢ᠌ᠯᠠᠯ᠎ᠤᠨ ᠮᠠᠨ᠎ᠤ ᠣᠷᠣᠨ᠎ᠳᠤ ᠢᠷᠡᠵᠦ ᠪᠡᠯᠡ ᠣᠷᠣᠭᠤᠯᠤᠨ ᠦᠢ᠍ᠯᠡᠰ ᠬᠥᠭᠵᠢᠭᠦᠯᠬᠦ᠎ᠳᠤ ᠤᠷᠤᠯᠴᠠᠭᠤᠯᠪᠠ᠃ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠬᠠᠮᠲᠤ᠎ᠪᠠᠷ ᠪᠠᠶ᠋ᠢᠭᠤᠯᠬᠤ᠂ ᠨᠡᠢ᠌ᠰᠯᠡᠯ᠎ᠳᠤ ᠬᠠᠨᠳᠤᠭᠤᠯᠤᠭᠰᠠᠨ 《ᠪᠣᠬᠢᠷᠳᠤᠯ ᠦᠭᠡᠢ ᠡᠨᠧᠷᠭᠢ ᠵᠢᠨ ᠰᠠᠭᠤᠷᠢᠨ ᠭᠠᠵᠠᠷ ᠪᠠ ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠦᠢ᠍ᠯᠡᠳᠪᠦᠷᠢᠯᠡᠨ ᠪᠣᠯᠪᠠᠰᠤᠷᠠᠭᠤᠯᠵᠤ ᠭᠠᠳᠠᠭᠰᠢ ᠭᠠᠷᠭ᠋ᠠᠬᠤ ᠰᠠᠭᠤᠷᠢᠨ ᠭᠠᠵᠠᠷ》᠎ᠢ ᠬᠠᠮᠲᠤ᠎ᠪᠠᠷ ᠪᠠᠶ᠋ᠢᠭᠤᠯᠬᠤ ᠳᠡᠭᠡᠷ᠎ᠡ ᠬᠦᠴᠦ ᠲᠠᠯᠪᠢᠵᠤ᠂ ᠭᠠᠵᠠᠷ ᠰᠢᠷᠣᠢ᠂ ᠪᠡᠯᠡ ᠮᠥᠩᠭᠥ᠎ᠪᠠᠷ ᠬᠤᠪᠢ ᠣᠷᠣᠭᠤᠯᠬᠤ᠂ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠪᠠᠶ᠋ᠢᠭᠤᠯᠬᠤ ᠵᠡᠷᠭᠡ ᠠᠷᠭ᠎ᠠ᠎ᠪᠠᠷ ᠨᠠᠩ ᠣᠯᠠᠨ ᠠᠰᠢᠭ ᠬᠣᠨᠵᠢᠪᠤᠷᠢ ᠵᠢ ᠮᠠᠨ᠎ᠤ ᠣᠷᠣᠨ᠎ᠳᠤ ᠦᠯᠡᠳᠡᠭᠡᠵᠦ᠂ 《ᠪᠡᠭᠡᠵᠢᠩ᠎ᠤᠨ ᠠᠵᠤ ᠠᠬᠤᠢ᠌ᠯᠠᠯ + ᠥᠪᠥᠷ ᠮᠣᠩᠭᠣᠯ᠎ᠤᠨ ᠡᠬᠢ ᠪᠠᠶᠠᠯᠢᠭ》 《ᠪᠡᠭᠡᠵᠢᠩ᠎ᠤᠨ ᠵᠠᠬ᠎ᠠ ᠳᠡᠯᠭᠡᠭᠦᠷ + ᠥᠪᠥᠷ ᠮᠣᠩᠭᠣᠯ᠎ᠤᠨ ᠦᠢ᠍ᠯᠡᠳᠬᠦᠨ》 《ᠪᠡᠭᠡᠵᠢᠩ᠎ᠤᠨ ᠶᠡᠷᠦᠩᠬᠡᠢ ᠬᠡᠯᠲᠡᠰ + ᠥᠪᠥᠷ ᠮᠣᠩᠭᠣᠯ᠎ᠤᠨ ᠰᠠᠭᠤᠷᠢᠨ ᠭᠠᠵᠠᠷ》 《ᠪᠡᠭᠡᠵᠢᠩ᠎ᠤᠨ ᠰᠤᠳᠤᠯᠤᠨ ᠨᠡᠭᠡᠭᠡᠬᠦ + ᠥᠪᠥᠷ ᠮᠣᠩᠭᠣᠯ᠎ᠤᠨ ᠦᠢᠯᠡᠳᠬᠦ ᠦᠢ᠍ᠯᠡᠰ》 ᠵᠡᠷᠭᠡ ᠵᠠᠭᠪᠤᠷ᠎ᠢ ᠯᠠᠪᠳᠠᠭᠤᠨ ᠪᠠᠲᠤᠲᠠᠢ ᠠᠬᠢᠭᠤᠯᠵᠤ᠂ ᠬᠣᠶᠠᠷ ᠭᠠᠵᠠᠷ᠎ᠤᠨ ᠬᠠᠮᠵᠢᠯᠴᠠᠬᠤ ᠠᠵᠤ ᠦᠢ᠍ᠯᠡᠰ᠎ᠤᠨ ᠬᠦᠷᠢᠶᠡᠯᠡᠩ᠎ᠢ ᠪᠡᠭᠡᠵᠢᠩ ᠥᠪᠥᠷ ᠮᠣᠩᠭᠣᠯ᠎ᠤᠨ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠨᠡᠮᠡᠭᠳᠡᠯ᠎ᠤᠨ ᠴᠡᠭ ᠪᠣᠯᠭ᠋ᠠᠨ ᠪᠦᠲᠦᠭᠡᠨ ᠪᠠᠶ᠋ᠢᠭᠤᠯᠬᠤ᠎ᠪᠠᠷ  ᠴᠢᠷᠮᠠᠢ᠌ᠪᠠ᠃
   ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ ᠣᠯᠭᠣᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠵᠢᠨ ᠬᠦᠴᠦᠨ᠎ᠤ ᠲᠤᠳᠤᠷᠠᠬᠢ ᠭᠠᠳᠠᠭᠰᠢ ᠭᠠᠷᠴᠤ ᠬᠦᠳᠡᠯᠮᠤᠷᠢᠯᠡᠭᠰᠡᠳ᠎ᠤᠨ ᠰᠠᠭᠤᠷᠢ ᠲᠣᠭ᠎ᠠ ᠵᠢ ᠪᠥᠬᠥ ᠲᠠᠯ᠎ᠠ᠎ᠪᠠᠷ ᠲᠣᠳᠣᠷᠬᠠᠢ ᠣᠢ᠌ᠯᠠᠭ᠋ᠠᠵᠤ᠂ ᠡᠬᠡ ᠲᠠᠩᠰᠠ ᠪᠠᠢ᠌ᠭᠤᠯᠤᠨ᠂ ᠬᠥᠳᠡᠯᠦᠩᠭᠦᠢ᠎ᠪᠠᠷ ᠬᠢᠨᠠᠨ ᠬᠡᠮᠵᠢᠵᠦ᠂ ᠮᠥᠷᠳᠡᠨ  ᠦᠢ᠍ᠯᠡᠴᠢᠯᠡᠪᠡ᠃ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠲᠤ ᠨᠢᠭᠡ ᠪᠦᠯᠦᠭ᠎ᠢ ᠰᠢᠩᠭᠡᠬᠡᠨ ᠠᠪᠬᠤ᠂ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ᠎ᠪᠠᠷ ᠨᠢᠭᠡ ᠪᠦᠯᠦᠭ᠎ᠢ ᠭᠠᠳᠠᠭᠰᠢ ᠭᠠᠷᠭ᠋ᠠᠬᠤ᠂ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠎ᠲᠤ ᠨᠢᠭᠡ ᠪᠦᠯᠦᠭ᠎ᠢ ᠲᠥᠪᠬᠢᠨᠡᠭᠦᠯᠬᠦ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠨᠢᠭᠡ ᠪᠦᠯᠦᠭ᠎ᠢ ᠳᠡᠭᠡᠭᠰᠢᠯᠡᠭᠦᠯᠬᠦ᠂ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠬᠤ ᠨᠥᠬᠥᠪᠦᠷᠢ᠎ᠪᠠᠷ ᠨᠢᠭᠡ ᠪᠦᠯᠦᠭ᠎ᠢ ᠲᠣᠭᠲᠠᠪᠤᠷᠢᠵᠢᠭᠤᠯᠬᠤ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠢ᠌ᠷᠢ᠎ᠪᠠᠷ ᠨᠢᠭᠡ ᠪᠦᠯᠦᠭ᠎ᠢ ᠪᠠᠲᠤᠯᠠᠬᠤ 《ᠵᠢᠷᠭᠤᠭ᠋ᠠᠨ ᠨᠢᠭᠡ ᠪᠦᠯᠦᠭ》 ᠠᠷᠭ᠎ᠠ ᠵᠢ ᠦᠷᠭᠦᠯᠵᠢᠯᠡᠨ  ᠬᠡᠷᠡᠭᠵᠢᠬᠦᠯᠵᠤ᠂ ᠠᠵᠢᠯ ᠣᠯᠭᠣᠬᠤ ᠵᠠᠮ᠎ᠢ ᠦᠷᠬᠡᠳᠬᠡᠪᠡ᠃ ᠮᠤᠵᠢ ᠠᠯᠤᠰᠯᠠᠨ ᠠᠵᠢᠯ ᠬᠢᠵᠦ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠵᠢᠨ ᠬᠦᠴᠦᠨ᠎ᠤ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ ᠣᠯᠭᠣᠬᠤ ᠵᠢ ᠣᠨ᠎ᠤ ᠬᠢᠨᠠᠨ ᠰᠢᠯᠭ᠋ᠠᠵᠤ ᠦᠨᠡᠯᠡᠬᠦ ᠭᠦᠢ᠍ᠴᠡᠳᠬᠡᠯ ᠲᠣᠭ᠎ᠠ᠎ᠳᠤ ᠣᠷᠣᠭᠤᠯᠵᠤ᠂ ᠡᠯ᠎ᠡ ᠭᠠᠵᠠᠷ᠎ᠤᠨ᠎ᠬᠢᠨ ᠪᠠᠢ᠌ᠩᠭᠤᠵᠢᠭᠰᠠᠨ᠂ ᠣᠷᠣᠨ ᠪᠦᠰᠡ ᠠᠯᠤᠰᠯᠠᠭᠰᠠᠨ ᠠᠵᠢᠯ᠎ᠤᠨ ᠪᠠᠢ᠌ᠷᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠵᠤ᠂ ᠪᠡᠭᠡᠵᠢᠩ᠎ᠯᠦᠭᠡ ᠢᠳᠡᠪᠬᠢᠲᠡᠢ᠎ᠪᠠᠷ ᠵᠣᠯᠭ᠋ᠠᠭᠤᠯᠵᠤ᠂ ᠴᠡᠭ᠎ᠠᠴᠠ ᠴᠡᠭ᠎ᠲᠤ ᠬᠦᠷᠬᠦ ᠪᠢᠲᠡᠭᠦᠦ ᠲᠣᠭᠣᠷᠢᠭ ᠮᠠᠶᠢᠭ᠎ᠤᠨ ᠬᠥᠳᠡᠯᠮᠦᠷᠢ ᠦᠢ᠍ᠯᠡᠴᠢᠯᠡᠭᠡ ᠵᠢ ᠳᠠᠮᠵᠢᠭᠤᠯᠤᠨ ᠰᠢᠯᠵᠢᠭᠦᠯᠬᠦ ᠵᠢ ᠴᠢᠩᠭ᠋ᠠᠳᠬᠠᠵᠤ᠂ ᠨᠤᠲᠤᠭ᠎ᠲᠤ᠎ᠪᠠᠨ ᠪᠤᠴᠠᠬᠰᠠᠳ᠎ᠤᠨ ᠲᠤᠰ ᠭᠠᠵᠠᠷ᠎ᠲᠤ ᠠᠵᠢᠯ ᠣᠯᠭᠣᠬᠤ ᠠᠵᠢᠯ᠎ᠢ ᠰᠠᠢ᠌ᠲᠤᠷ ᠠᠳᠬᠤᠵᠤ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠵᠢᠨ ᠬᠦᠴᠦᠨ᠎ᠤ ᠪᠡᠭᠡᠵᠢᠩ᠎ᠳᠤ ᠢᠷᠡᠵᠦ ᠠᠵᠢᠯ ᠬᠢᠬᠦ ᠬᠡᠪᠴᠢᠶ᠎ᠡ ᠵᠢ ᠲᠣᠭᠲᠠᠭᠤᠨ ᠪᠠᠢ᠌ᠯᠭ᠋ᠠᠬᠤ ᠵᠢᠨ ᠬᠠᠮᠳᠤ  ᠨᠡᠮᠡᠭᠳᠡᠬᠦᠯᠪᠡ᠃
   ᠡᠭᠦᠨ᠎ᠠᠴᠠ ᠭᠠᠳᠠᠨ᠎ᠠ᠂ ᠬᠡᠷᠡᠭᠯᠡᠭᠡ᠎ᠪᠠᠷ ᠳᠡᠮᠵᠢᠨ ᠲᠡᠳᠬᠦᠬᠦ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠡᠭᠡᠵᠢᠩ᠎ᠳᠤ ᠪᠣᠷᠣᠯᠠᠭᠤᠯᠬᠤ ᠵᠠᠮ᠎ᠢ ᠰᠠᠭ᠋ᠠᠳ ᠦᠭᠡᠢ ᠨᠡᠪᠳᠡᠷᠡᠬᠦᠯᠵᠤ᠂ ᠡᠵᠡᠩᠨᠡᠨ ᠪᠣᠷᠣᠯᠠᠭᠤᠯᠬᠤ ᠺᠣᠮᠫᠠᠨᠢ ᠵᠢ ᠳᠡᠮᠵᠢᠬᠦ᠎ᠪᠠᠨ ᠴᠢᠡᠭᠭ᠋ᠠᠷᠠᠭᠤᠯᠪᠠ᠃ ᠨᠡᠢ᠌ᠭᠡᠮ᠎ᠤᠨ ᠠᠵᠢᠯ ᠦᠢ᠍ᠯᠡᠰ᠎ᠤᠨ ᠬᠠᠮᠵᠢᠯᠴᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠪᠦᠯᠬᠦᠮ ᠮᠠᠶᠢᠭ》᠎ᠤᠨ ᠬᠣᠣᠰᠯᠠᠨ ᠬᠠᠪᠰᠤᠷᠤᠯᠴᠠᠵᠤ ᠬᠠᠪᠰᠤᠷᠤᠨ ᠲᠡᠳᠬᠦᠬᠦ ᠵᠢ ᠦᠷᠭᠦᠯᠵᠢᠯᠡᠨ ᠠᠬᠢᠭᠤᠯᠪᠠ᠃ ᠠᠵᠢᠯ ᠲᠦᠷᠦᠯ᠎ᠤᠨ ᠰᠠᠯᠠᠭ᠎ᠠ ᠮᠥᠴᠢᠷ᠎ᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠴᠢᠳᠠᠪᠤᠷᠢᠲᠠᠨ᠎ᠤ ᠰᠣᠯᠢᠯᠴᠠᠭ᠋ᠠᠨ᠎ᠤ ᠪᠠᠢ᠌ᠩᠭᠤ ᠵᠢᠨ ᠲᠣᠭᠲᠠᠴᠠ ᠵᠢ ᠪᠠᠢ᠌ᠭᠤᠯᠵᠤ᠂ ᠤᠯᠠᠨ ᠬᠦᠷᠢᠶᠡᠨ᠎ᠳᠤ ᠬᠠᠮᠵᠢᠯᠴᠠᠵᠤ᠂ ᠤᠯᠠᠨ ᠠᠷᠭ᠎ᠠ᠎ᠪᠠᠷ ᠬᠠᠢ᠌ᠨ ᠰᠦᠪᠡᠭᠴᠢᠯᠡᠵᠦ᠂ ᠤᠯᠠᠨ ᠲᠡᠰ ᠳᠠᠪᠬᠤᠷᠭ᠎ᠠ᠎ᠪᠠᠷ᠎ᠲᠠᠭᠠᠨ ᠤᠷᠤᠭᠰᠢᠯᠠᠵᠤ᠂ ᠠᠷᠠᠳ᠎ᠤᠨ ᠠᠮᠢᠳᠤᠷᠠᠯ᠎ᠤᠨ ᠦᠢ᠍ᠯᠡᠰ᠎ᠤᠨ ᠳᠤᠲᠠᠭᠤᠳᠠᠯ᠎ᠢ ᠴᠢᠷᠮᠠᠢ᠌ᠨ ᠨᠦᠬᠦᠪᠤᠷᠢᠯᠡᠵᠡᠢ᠃


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠪᠠᠨ ᠨᠢᠭᠡᠳᠦᠭᠡᠷ ᠬᠤᠭᠤᠴᠠᠭ᠋ᠠᠨ᠎ᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ 13 ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠨᠢᠭᠡᠨᠲᠡ ᠲᠣᠭᠣᠷᠢᠨ ᠪᠠᠢ᠌ᠴᠠᠭ᠋ᠠᠭᠳᠠᠬᠤ ᠨᠢᠬᠡᠴᠢ᠎ᠳᠤ ᠣᠷᠣᠵᠤ ᠰᠠᠭᠤᠪᠠ
ᠮᠠᠨ᠎ᠤ ᠣᠷᠣᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠬᠠᠮᠢᠶᠠᠷᠤᠯᠳᠠ ᠵᠢᠨ ᠬᠠᠤᠯᠢ ᠬᠡᠷᠡᠭᠵᠢᠭᠦᠯᠬᠦ ᠰᠢᠰᠲᠸᠮ᠎ᠤᠨ ᠪᠠᠢ᠌ᠭᠤᠯᠤᠯᠳᠠ ᠵᠢ ᠲᠦᠷᠬᠡᠳᠬᠡᠵᠤ ᠪᠠᠢ᠌ᠨ᠎ᠠ
ᠮᠠᠨ᠎ᠤ ᠣᠷᠣᠨ᠎ᠤ 6 ᠬᠣᠲᠠ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠣᠲᠠ᠎ᠪᠠᠷ ᠳᠠᠬᠢᠨᠲᠠ ᠦᠨᠡᠯᠡᠭᠳᠡᠪᠡ
ᠮᠠᠨ᠎ᠤ ᠣᠷᠣᠨ ᠦᠨᠤ ᠵᠢᠯ 200 ᠲᠦᠮᠡᠨ ᠮᠦ᠍ ᠤᠢ ᠮᠤᠳᠤ᠂ 1100 ᠲᠦᠮᠡᠨ ᠮᠦ᠍ ᠲᠡᠵᠢᠬᠡᠯ ᠡᠪᠡᠰᠤ ᠳᠡᠭᠡᠭᠰᠢ ᠳᠠᠷᠢᠬᠤ᠎ᠪᠠᠷ ᠪᠣᠶ
ᠲᠦᠷᠦᠭᠦᠸ᠋ ᠬᠠᠭ᠋ᠠᠰ ᠵᠢᠯ ᠮᠠᠨ᠎ᠤ ᠣᠷᠣᠨ᠎ᠤ ᠦᠢ᠍ᠯᠡᠳᠪᠦᠷᠢᠯᠡᠯ᠎ᠤᠨ ᠶᠡᠷᠤᠡᠭᠭᠡᠢ ᠥᠷᠲᠡᠭ 10465 ᠳ᠋ᠦᠩᠰᠢᠭᠤᠷ ᠲᠥᠭᠥᠷᠢᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 4.3% ᠨᠡᠮᠡᠭᠳᠡᠪᠡ
 
            