ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠷᠪᠠᠨ ᠨᠢᠭᠡᠳᠦᠭᠡᠷ ᠬᠤᠭᠤᠴᠠᠭ᠋ᠠᠨ᠎ᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ 13 ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠨᠢᠭᠡᠨᠲᠡ ᠲᠣᠭᠣᠷᠢᠨ ᠪᠠᠢ᠌ᠴᠠᠭ᠋ᠠᠭᠳᠠᠬᠤ ᠨᠢᠬᠡᠴᠢ᠎ᠳᠤ ᠣᠷᠣᠵᠤ ᠰᠠᠭᠤᠪᠠ
ᠨᠡᠶᠢᠲᠡᠯᠡᠭᠰᠡᠨ ᠴᠠᠭ᠄ 2022-07-18

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠯᠲᠡᠢ ᠪᠠᠢ᠌ᠷᠢᠯᠠᠭᠤᠯᠤᠯᠲᠠ᠎ᠪᠠᠷ 7 ᠰᠠᠷ᠎ᠠ ᠵᠢᠨ 16᠎ᠤ ᠡᠳᠦᠷ ᠪᠣᠯᠲᠠᠯ᠎ᠠ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠭᠡᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ 13 ᠳᠤᠭᠤᠢ᠌ᠯᠠᠩ ᠲᠣᠭᠣᠷᠢᠨ ᠪᠠᠢ᠌ᠴᠠᠭ᠋ᠠᠯᠲᠠ ᠵᠢ ᠬᠦᠯᠢᠶᠡᠭᠰᠡᠨ ᠨᠢᠬᠡᠴᠢ᠎ᠳᠤ ᠣᠷᠣᠵᠤ ᠰᠠᠭᠤᠪᠠ᠃
    ᠲᠣᠭᠣᠷᠢᠨ ᠪᠠᠢ᠌ᠴᠠᠭ᠋ᠠᠯᠲᠠ ᠵᠢ ᠬᠦᠯᠢᠶᠡᠭᠰᠡᠨ 23 ᠨᠢᠬᠡᠴᠢ᠎ᠨᠤᠭᠤᠳ ᠲᠣᠭᠣᠷᠢᠨ ᠪᠠᠢ᠌ᠴᠠᠭ᠋ᠠᠯᠲᠠ ᠵᠢᠨ ᠣᠷᠣᠵᠤ ᠰᠠᠭᠤᠬᠤ ᠲᠤᠬᠠᠢ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠵᠠᠢ᠃ ᠡᠯ᠎ᠡ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠲᠣᠭᠣᠷᠢᠨ ᠪᠠᠢ᠌ᠴᠠᠭ᠋ᠠᠭᠳᠠᠬᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠭᠣᠣᠯ ᠬᠠᠷᠢᠭᠤᠴᠠᠯᠭ᠋ᠠᠲᠠᠨ (ᠪᠤᠶᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ)᠎ᠳᠤ ᠠᠵᠢᠯ᠎ᠤᠨ ᠲᠣᠬᠢᠷᠠᠭᠤᠯᠤᠯᠲᠠ ᠵᠢ ᠬᠤᠷᠠᠯ᠎ᠠᠴᠠ ᠡᠮᠦᠨ᠎ᠡ ᠮᠡᠳᠡᠭᠳᠡᠪᠡ᠃ ᠬᠤᠷᠠᠯ ᠳᠡᠭᠡᠷ᠎ᠡ᠂ ᠡᠯ᠎ᠡ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠳᠠᠢ᠌ᠴᠢᠯᠠᠯᠲᠠ ᠵᠢᠨ ᠶᠠᠷᠢᠶ᠎ᠠ ᠲᠠᠯᠪᠢᠵᠤ᠂ ᠰᠢ ᠵᠢᠨ ᠫᠢᠩ ᠶᠡᠷᠦᠩᠬᠡᠢ ᠱᠦᠵᠢ ᠵᠢᠨ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠣᠷᠢᠨ ᠪᠠᠢ᠌ᠴᠠᠭ᠋ᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠱᠠᠭ᠋ᠠᠷᠳᠠᠯᠭ᠎ᠠ ᠳᠤᠷᠠᠳᠴᠠᠢ᠃
    ᠡᠯ᠎ᠡ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠵᠢᠭ᠋ᠠᠬᠰᠠᠨ᠎ᠨᠢ᠂ ᠡᠨᠡ ᠤᠳᠠᠭ᠎ᠠ ᠪᠠᠢ᠌ᠭᠤᠯᠭ᠎ᠠ ᠨᠢᠬᠡᠴᠢ᠎ᠳᠤ ᠪᠠᠢ᠌ᠩᠭᠤ ᠵᠢᠨ ᠲᠣᠭᠣᠷᠢᠨ ᠪᠠᠢ᠌ᠴᠠᠭ᠋ᠠᠯᠲᠠ ᠬᠢᠬᠦ᠎ᠨᠢ ᠨᠠᠮ᠎ᠤᠨ ᠳᠦᠷᠢᠮ᠎ᠤᠨ ᠲᠣᠭᠲᠠᠭ᠋ᠠᠯ᠎ᠢ ᠨᠠᠢ᠌ᠳᠠᠪᠤᠷᠢᠵᠢᠭᠤᠯᠬᠤ ᠵᠢᠨ ᠳᠣᠲᠣᠭ᠋ᠠᠳᠤ ᠱᠠᠭ᠋ᠠᠷᠳᠠᠯᠭ᠎ᠠ ᠪᠣᠯᠬᠤ᠎ᠪᠠᠷ ᠪᠠᠷᠠᠬᠤ ᠦᠭᠡᠢ ᠪᠠᠰᠠ ᠤᠯᠤᠰ ᠲᠦᠷᠦ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠵᠢᠨ ᠪᠣᠳᠠᠲᠠᠢ ᠢᠯᠡᠷᠡᠯ ᠪᠣᠯᠣᠨ᠎ᠠ᠃ ᠪᠠᠢ᠌ᠭᠤᠯᠤᠯᠭ᠎ᠠ ᠨᠢᠬᠡᠴᠢ᠎ᠨᠢ ᠨᠠᠮ᠎ᠤᠨ ᠤᠨᠤᠯ ᠱᠤᠭᠤᠮ ᠴᠢᠭᠯᠡᠯᠲᠡ ᠲᠦᠷᠦ ᠵᠢᠨ ᠪᠣᠳᠣᠯᠭ᠎ᠠ ᠵᠢ  ᠲᠣᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠠᠬᠢᠭᠤᠯᠤᠭᠴᠢ᠂ ᠵᠣᠬᠢᠶᠠᠨ ᠪᠠᠢ᠌ᠭᠤᠯᠤᠭᠴᠢ᠂ ᠪᠣᠳᠠᠲᠠᠢ ᠬᠡᠷᠡᠭᠵᠢᠭᠦᠯᠦᠭᠴᠢ ᠪᠣᠯᠤᠭᠰᠠᠨ᠎ᠤ ᠬᠤᠪᠢ᠎ᠳᠤ᠂ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠴᠢᠬᠤᠯᠠ ᠵᠢᠭᠰᠠᠭ᠋ᠠᠯ ᠪᠠᠢ᠌ᠵᠤ᠂ ᠨᠠᠮ ᠪᠣᠯᠣᠨ ᠤᠯᠤᠰ᠎ᠤᠨ ᠵᠠᠰᠠᠯᠲᠠ ᠵᠢᠨ ᠰᠢᠰᠲᠸᠮ᠎ᠳᠤ ᠴᠢᠬᠤᠯᠠ ᠪᠠᠢ᠌ᠷᠢ ᠰᠠᠭᠤᠷᠢ᠎ᠲᠠᠢ ᠪᠦᠬᠡᠳ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ᠂ ᠨᠡᠢ᠌ᠭᠡᠮ᠎ᠤᠨ ᠲᠣᠭᠲᠠᠭᠤᠨ᠎ᠢ ᠬᠠᠮᠠᠭ᠋ᠠᠯᠠᠬᠤ ᠳᠤᠮᠳᠠ ᠴᠢᠬᠤᠯᠠ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠪᠠᠢ᠌ᠳᠠᠭ᠃ ᠡᠨᠡ ᠤᠳᠠᠭ᠎ᠠ ᠵᠢᠨ ᠲᠣᠭᠣᠷᠢᠨ ᠪᠠᠢ᠌ᠴᠠᠭ᠋ᠠᠯᠲᠠ ᠵᠢ ᠥᠷᠨᠢᠭᠦᠯᠬᠦ ᠵᠢ ᠭᠦᠢ᠍ᠴᠡᠳ ᠲᠠᠨᠢᠵᠤ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠵᠢ ᠰᠢᠪᠠᠳᠠᠬᠤ᠂ ᠤᠯᠤᠰ ᠲᠦᠷᠦ ᠵᠢᠨ ᠪᠠᠢ᠌ᠭᠤᠯᠭ᠎ᠠ ᠵᠢᠨ ᠪᠠᠢ᠌ᠭᠤᠯᠤᠯᠲᠠ ᠵᠢ ᠠᠬᠢᠭᠤᠯᠬᠤ ᠴᠢᠬᠤᠯᠠ ᠠᠷᠭ᠎ᠠ᠂ ᠤᠳᠤᠷᠢᠳᠬᠤ ᠪᠠᠭ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠰᠢᠪᠠᠳᠠᠬᠤ᠂ ᠨᠠᠮ᠎ᠤᠨ ᠭᠡᠰᠢᠭᠦᠨ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠠᠬᠢᠭᠤᠯᠬᠤ ᠴᠢᠬᠤᠯᠠ ᠠᠷᠭ᠎ᠠ᠂ 《ᠴᠢᠩᠭ᠎ᠠ》 ᠵᠢᠨ ᠭᠣᠣᠯ ᠬᠦᠭ ᠠᠶᠠᠰ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠵᠢ ᠰᠢᠪᠠᠳᠠᠬᠤ᠂ ᠨᠠᠮ᠎ᠤᠨ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠵᠢ ᠠᠬᠢᠭᠤᠯᠬᠤ ᠴᠢᠬᠤᠯᠠ ᠠᠷᠭ᠎ᠠ᠂ ᠬᠢᠨᠠᠯᠲᠠ ᠵᠢ ᠬᠦᠯᠢᠶᠡᠬᠦ ᠤᠬᠠᠮᠰᠠᠷᠲᠤ ᠴᠢᠨᠠᠷ ᠪᠠ ᠰᠠᠨᠠᠭ᠋ᠠᠴᠢᠯᠠᠭ᠋ᠠᠲᠤ ᠴᠢᠨᠠᠷ᠎ᠢ ᠦᠨᠡᠨ ᠬᠦ᠌ ᠴᠢᠩᠭ᠋ᠠᠳᠬᠠᠬᠤ ᠶᠠᠪᠤᠳᠠᠯ ᠮᠥᠨ᠃
    ᠡᠯ᠎ᠡ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠴᠢᠬᠤᠯᠠᠴᠢᠯᠠᠭᠰᠠᠨ᠎ᠨᠢ᠂ ᠲᠣᠭᠣᠷᠢᠨ ᠪᠠᠢ᠌ᠴᠠᠭ᠋ᠠᠬᠤ ᠪᠣᠯ ᠨᠠᠮ᠎ᠤᠨ ᠳᠦᠷᠢᠮ᠎ᠠᠴᠠ ᠣᠯᠭᠣᠭᠰᠠᠨ ᠴᠢᠬᠤᠯᠠ ᠲᠤᠰᠢᠶᠠᠯ ᠬᠠᠷᠢᠭᠤᠴᠠᠯᠭ᠎ᠠ ᠮᠥᠨ᠂ ᠨᠠᠮ᠎ᠤᠨ ᠳᠣᠲᠣᠭ᠋ᠠᠳᠤ ᠵᠢᠨ ᠬᠢᠨᠠᠯᠲᠠ ᠵᠢᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠳᠦᠷᠢᠮ᠎ᠤᠨ ᠲᠣᠬᠢᠷᠠᠭᠤᠯᠤᠯᠲᠠ ᠮᠥᠨ᠃ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ 《ᠬᠣᠶᠠᠷ᠎ᠢ ᠬᠠᠮᠠᠭ᠋ᠠᠯᠠᠬᠤ》 ᠦᠨᠳᠦᠰᠦᠨ ᠡᠭᠦᠷᠭᠡ᠎ᠲᠠᠢ ᠨᠢᠭᠲᠠ ᠤᠶᠠᠯᠳᠤᠭᠤᠯᠵᠤ᠂ ᠲᠣᠭᠣᠷᠢᠨ ᠪᠠᠢ᠌ᠴᠠᠭ᠋ᠠᠬᠤ ᠠᠵᠢᠯ᠎ᠤᠨ ᠴᠢᠭᠯᠡᠯᠲᠡ ᠵᠢ ᠲᠤᠭᠤᠰᠢᠯᠠᠭᠤᠯᠵᠤ᠂ ᠤᠯᠤᠰ ᠲᠦᠷᠦ ᠵᠢᠨ ᠲᠣᠭᠣᠷᠢᠨ ᠪᠠᠢ᠌ᠴᠠᠭ᠋ᠠᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠤᠳᠤᠷᠢᠳᠬᠤ ᠪᠠᠭ ᠪᠣᠯᠣᠨ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠴᠢᠩᠭ᠎ᠠ ᠠᠩᠬᠠᠷᠴᠤ᠂ ᠤᠯᠤᠰ ᠲᠦᠷᠦ ᠵᠢᠨ ᠵᠥᠷᠢᠶ᠎ᠡ ᠵᠢ ᠬᠦᠴᠦᠯᠡᠨ ᠢᠯᠡᠷᠡᠭᠦᠯᠵᠦ᠂ ᠤᠯᠤᠰ ᠲᠦᠷᠦ ᠵᠢᠨ ᠬᠡᠯᠪᠡᠷᠢᠯ᠎ᠢ ᠵᠠᠯᠠᠷᠠᠭᠤᠯᠵᠤ᠂ ᠪᠠᠢ᠌ᠭᠤᠯᠭ᠎ᠠ ᠨᠢᠬᠡᠴᠢ ᠲᠦᠷᠦᠭᠦᠯᠡᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠠᠵᠢᠯ ᠵᠶ᠋ᠠᠨ ᠰᠠᠢ᠌ᠲᠤᠷ ᠬᠢᠬᠦ ᠵᠢ  ᠠᠬᠢᠭᠤᠯᠬᠤ ᠬᠡᠷᠡᠭᠳᠡᠢ᠃ ᠲᠣᠭᠣᠷᠢᠨ ᠪᠠᠢ᠌ᠴᠠᠭ᠋ᠠᠬᠤ ᠬᠤᠭᠤᠴᠠᠭ᠋ᠠᠨ᠎ᠳᠤ᠂ ᠨᠠᠮ᠎ᠤᠨ ᠣᠨᠣᠯ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠪᠠ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠤᠨ ᠲᠣᠭᠣᠷᠢᠨ᠎ᠳᠤ ᠭᠣᠣᠯᠳᠠᠯᠭ᠎ᠠ᠎ᠪᠠᠨ ᠲᠠᠯᠪᠢᠵᠤ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠂ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠤᠭᠤᠮ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠂ ᠲᠣᠭᠣᠷᠢᠨ ᠪᠠᠢ᠌ᠴᠠᠭ᠋ᠠᠬᠤ ᠪᠠ ᠬᠢᠨᠠᠨ ᠪᠤᠳᠤᠬᠤ ᠵᠡᠷᠭᠡ ᠬᠢᠨᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠨᠠᠢ᠌ᠳᠠᠪᠤᠷᠢᠵᠢᠭᠤᠯᠤᠨ ᠬᠢᠨᠠᠯᠲᠠ ᠲᠠᠯᠪᠢᠵᠤ᠂ ᠣᠷᠣᠰᠢᠵᠤ ᠪᠠᠢ᠌ᠭ᠎ᠠ ᠤᠯᠤᠰ ᠲᠥᠷᠥ ᠵᠢᠨ ᠠᠰᠠᠭᠤᠳᠠᠯ᠂ ᠬᠠᠷᠢᠭᠤᠴᠠᠯᠭ᠎ᠠ ᠵᠢᠨ ᠠᠰᠠᠭᠤᠳᠠᠯ᠂ ᠢᠯᠵᠠᠷᠠᠯ᠎ᠤᠨ ᠠᠰᠠᠭᠤᠳᠠᠯ ᠪᠠ ᠰᠤᠷᠲᠠᠯ᠎ᠤᠨ ᠠᠰᠠᠭᠤᠳᠠᠯ᠎ᠢ ᠭᠦᠨᠵᠡᠭᠡᠢ ᠡᠷᠢᠵᠦ᠂ ᠲᠣᠭᠣᠷᠢᠨ ᠪᠠᠢ᠌ᠴᠠᠭ᠋ᠠᠵᠤ ᠬᠢᠨᠠᠯᠲᠠ ᠲᠠᠯᠪᠢᠬᠤ ᠪᠠ ᠬᠡᠷᠡᠭᠵᠢᠭᠦᠯᠬᠦ ᠵᠢ ᠪᠠᠲᠤᠯᠠᠬᠤ᠂ ᠲᠡᠭᠦᠯᠳᠡᠷᠵᠢᠭᠦᠯᠦᠨ ᠬᠥᠭᠵᠢᠭᠦᠯᠬᠦ ᠵᠢ ᠠᠬᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠳᠡᠢ᠃
    ᠲᠣᠭᠣᠷᠢᠨ ᠪᠠᠢ᠌ᠴᠠᠭ᠋ᠠᠯᠲᠠ ᠵᠢ ᠬᠦᠯᠢᠶᠡᠭᠰᠡᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠭᠣᠣᠯ ᠬᠠᠷᠢᠭᠤᠴᠠᠯᠭ᠋ᠠᠲᠠᠨ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠨᠠᠮ᠎ᠤᠨ ᠦᠢ᠍ᠯᠡᠰ᠎ᠲᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ ᠵᠶ᠋ᠠᠷ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠰᠠᠨᠠᠭ᠋ᠠᠴᠢᠯᠠᠭ᠎ᠠ᠎ᠠᠴᠠ᠎ᠪᠠᠨ ᠠᠰᠠᠭᠤᠳᠠᠯ᠎ᠢ ᠪᠠᠢ᠌ᠴᠠᠭ᠋ᠠᠨ ᠳᠡᠯᠭᠡᠵᠦ᠂ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠠᠵᠢᠯ᠎ᠢ ᠢᠳᠡᠪᠬᠢᠲᠡᠢ ᠳᠡᠮᠵᠢᠨ ᠬᠠᠮᠵᠢᠯᠴᠠᠵᠤ᠂ ᠲᠤᠰ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠡᠭᠦᠷᠭᠡ ᠵᠢ ᠰᠠᠢ᠌ᠲᠤᠷ ᠪᠡᠶᠡᠯᠡᠭᠦᠯᠬᠦ ᠵᠢ ᠬᠠᠮᠳᠤ᠎ᠪᠠᠷ ᠬᠠᠷᠢᠭᠤᠯᠬᠤ ᠬᠡᠷᠡᠭᠲᠡᠢ ᠭᠡᠵᠦ ᠢᠯᠡᠳᠬᠡᠪᠡ᠃ ᠲᠣᠰ ᠤᠳᠠᠭ᠋ᠠᠨ᠎ᠤ ᠲᠣᠭᠣᠷᠢᠨ ᠪᠠᠢ᠌ᠴᠠᠭ᠋ᠠᠯᠲᠠ᠎ᠪᠠᠷ ᠠᠵᠠ ᠲᠣᠬᠢᠶᠠᠯ ᠪᠣᠯᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠨ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢ᠍ᠴᠡᠳᠬᠡᠵᠦ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠢ᠌ᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ 《ᠬᠣᠶᠠᠷ᠎ᠢ ᠬᠠᠮᠠᠭ᠋ᠠᠯᠠᠬᠤ》 ᠵᠢ ᠦᠢᠯᠡ ᠠᠵᠢᠯᠯᠠᠭ᠎ᠠ ᠳᠡᠭᠡᠷ᠎ᠡ᠎ᠪᠠᠨ ᠢᠯᠡᠷᠡᠭᠦᠯᠵᠦ᠂ ᠠᠵᠢᠯ᠎ᠤᠨ ᠳᠤᠮᠳᠠ᠎ᠪᠠᠨ ᠨᠠᠢ᠌ᠳᠠᠪᠤᠷᠢᠵᠢᠭᠤᠯᠤᠨ᠂ ᠵᠢᠱ᠌ᠢᠶᠡᠴᠢ ᠪᠠᠢ᠌ᠭᠤᠯᠤᠯᠭ᠎ᠠ ᠨᠢᠬᠡᠴᠢ ᠵᠢ ᠦᠨᠡᠨ ᠬᠦ᠌ ᠪᠠᠶ᠋ᠢᠭᠤᠯᠬᠤ ᠬᠡᠷᠡᠭᠲᠡᠢ᠃
    ᠣᠢ᠌ᠯᠠᠭ᠋ᠠᠭᠰᠠᠨ ᠵᠶ᠋ᠠᠷ᠂ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠲᠤᠬᠠᠢ ᠵᠢᠨ ᠲᠠᠯᠠᠪᠤᠷ᠎ᠲᠤ ᠲᠣᠭᠣᠷᠢᠨ ᠪᠠᠢ᠌ᠴᠠᠭ᠋ᠠᠬᠤ ᠴᠠᠭ᠎ᠨᠢ 2 ᠰᠠᠷ᠎ᠠ ᠣᠷᠴᠢᠮ ᠪᠠᠢ᠌ᠵᠤ᠂ ᠵᠠᠬᠢᠳᠠᠯ ᠰᠣᠷᠪᠤᠯᠵᠢᠯᠠᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠨᠢ 2022 ᠣᠨ᠎ᠤ 9 ᠰᠠᠷ᠎ᠠ ᠵᠢᠨ 10᠎ᠤ ᠡᠳᠦᠷ ᠳᠠᠭᠤᠰᠤᠨ᠎ᠠ᠃ ᠲᠣᠭᠣᠷᠢᠨ ᠪᠠᠢ᠌ᠴᠠᠭ᠋ᠠᠬᠤ ᠬᠤᠭᠤᠴᠠᠭ᠋ᠠᠨ᠎ᠳᠤ ᠲᠤᠰᠬᠠᠢ ᠵᠢᠵᠢᠭᠦᠷ᠎ᠤᠨ ᠤᠲᠠᠰᠤ᠂ ᠰᠢᠤᠳᠠᠨ᠎ᠤ ᠵᠠᠬᠢᠳᠠᠯ᠎ᠤᠨ ᠬᠠᠢ᠌ᠷᠴᠠᠭ ᠵᠡᠷᠭᠡ ᠵᠢ ᠲᠣᠬᠢᠷᠠᠭᠤᠯᠵᠤ᠂ ᠭᠣᠣᠯᠳᠠᠭᠤ ᠲᠣᠭᠣᠷᠢᠨ ᠪᠠᠢ᠌ᠴᠠᠭ᠋ᠠᠭᠳᠠᠵᠤ ᠪᠠᠢ᠌ᠭ᠎ᠠ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠪᠠᠭ ᠪᠠ ᠪᠦᠷᠢᠯᠳᠦᠭᠦᠨ᠂ ᠳᠣᠣᠷ᠎ᠠ ᠨᠢᠭᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠪᠠᠭ᠎ᠤᠨ ᠭᠣᠣᠯ ᠬᠠᠷᠢᠭᠤᠴᠠᠯᠭ᠋ᠠᠲᠠᠨ ᠪᠠ ᠴᠢᠬᠤᠯᠠ ᠠᠵᠢᠯ᠎ᠤᠨ ᠪᠠᠢ᠌ᠷᠢ ᠵᠢᠨ ᠤᠳᠤᠷᠢᠳᠬᠤ ᠺᠠᠳ᠋ᠷ᠎ᠤᠨ ᠠᠰᠠᠭᠤᠳᠠᠯ᠎ᠢ ᠲᠤᠰᠬᠠᠭᠰᠠᠨ ᠵᠠᠬᠢᠳᠠᠯ ᠤᠲᠠᠰᠤ ᠰᠣᠷᠪᠤᠯᠵᠢᠯᠠᠭ᠎ᠠ ᠵᠢ ᠭᠥᠯᠢᠶᠡᠨ ᠠᠪᠴᠤ ᠰᠢᠢ᠍ᠳᠪᠦᠷᠢᠯᠡᠨ᠎ᠡ᠂ ᠭᠣᠣᠯᠳᠠᠯᠭ᠎ᠠ᠎ᠨᠢ ᠤᠯᠤᠰ ᠲᠦᠷᠦ ᠵᠢᠨ ᠰᠠᠬᠢᠯᠭ᠎ᠠ ᠪᠠᠲᠤ᠂ ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤ᠂ ᠠᠷᠢᠭᠤᠨ ᠴᠢᠭᠴᠢ ᠵᠢᠨ ᠰᠠᠬᠢᠯᠭ᠎ᠠ ᠪᠠᠲᠤ᠂ ᠤᠯᠠᠨ ᠲᠦᠮᠡᠨᠴᠢ ᠰᠠᠬᠢᠯᠭ᠎ᠠ ᠪᠠᠲᠤ᠂ ᠠᠵᠢᠯ᠎ᠤᠨ ᠰᠠᠬᠢᠯᠭ᠎ᠠ ᠪᠠᠲᠤ ᠪᠠ ᠠᠮᠢᠳᠤᠷᠠᠯ᠎ᠤᠨ ᠰᠠᠬᠢᠯᠭ᠎ᠠ ᠪᠠᠲᠤ ᠵᠡᠷᠭᠡ ᠲᠠᠯ᠎ᠠ ᠵᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ᠎ᠢ ᠵᠥᠷᠢᠴᠡᠭᠰᠡᠨ ᠶᠠᠪᠤᠳᠠᠯ ᠪᠣᠯᠣᠨ᠎ᠠ᠃ ᠲᠣᠭᠣᠷᠢᠨ ᠪᠠᠢ᠌ᠴᠠᠭ᠋ᠠᠯᠲᠠ ᠵᠢᠨ ᠭᠥᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠵᠢᠨ ᠠᠰᠠᠭᠤᠳᠠᠯ᠎ᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠳᠤ ᠲᠤᠰᠢᠶᠠᠵᠤ ᠨᠠᠷᠢᠨ ᠬᠢᠨᠠᠮᠠᠭ᠋ᠠᠢ ᠰᠢᠢ᠍ᠳᠪᠤᠷᠢᠯᠡᠬᠦᠯᠬᠦ ᠪᠤᠯᠤᠨ᠎ᠠ᠃


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠬᠠᠮᠢᠶᠠᠷᠤᠯᠳᠠ ᠵᠢᠨ ᠬᠠᠤᠯᠢ ᠬᠡᠷᠡᠭᠵᠢᠭᠦᠯᠬᠦ ᠰᠢᠰᠲᠸᠮ᠎ᠤᠨ ᠪᠠᠢ᠌ᠭᠤᠯᠤᠯᠳᠠ ᠵᠢ ᠲᠦᠷᠬᠡᠳᠬᠡᠵᠤ ᠪᠠᠢ᠌ᠨ᠎ᠠ
ᠮᠠᠨ᠎ᠤ ᠣᠷᠣᠨ᠎ᠤ 6 ᠬᠣᠲᠠ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠣᠲᠠ᠎ᠪᠠᠷ ᠳᠠᠬᠢᠨᠲᠠ ᠦᠨᠡᠯᠡᠭᠳᠡᠪᠡ
ᠮᠠᠨ᠎ᠤ ᠣᠷᠣᠨ ᠦᠨᠤ ᠵᠢᠯ 200 ᠲᠦᠮᠡᠨ ᠮᠦ᠍ ᠤᠢ ᠮᠤᠳᠤ᠂ 1100 ᠲᠦᠮᠡᠨ ᠮᠦ᠍ ᠲᠡᠵᠢᠬᠡᠯ ᠡᠪᠡᠰᠤ ᠳᠡᠭᠡᠭᠰᠢ ᠳᠠᠷᠢᠬᠤ᠎ᠪᠠᠷ ᠪᠣᠶ
ᠲᠦᠷᠦᠭᠦᠸ᠋ ᠬᠠᠭ᠋ᠠᠰ ᠵᠢᠯ ᠮᠠᠨ᠎ᠤ ᠣᠷᠣᠨ᠎ᠤ ᠦᠢ᠍ᠯᠡᠳᠪᠦᠷᠢᠯᠡᠯ᠎ᠤᠨ ᠶᠡᠷᠤᠡᠭᠭᠡᠢ ᠥᠷᠲᠡᠭ 10465 ᠳ᠋ᠦᠩᠰᠢᠭᠤᠷ ᠲᠥᠭᠥᠷᠢᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 4.3% ᠨᠡᠮᠡᠭᠳᠡᠪᠡ
ᠲᠦᠷᠤᠬᠦᠤ ᠬᠠᠭ᠋ᠠᠰ ᠵᠢᠯ ᠮᠠᠨ᠎ᠤ ᠣᠷᠣᠨ᠎ᠤ ᠭᠠᠳᠠᠭ᠋ᠠᠳᠤ ᠠᠷᠠᠯᠵᠢᠶ᠎ᠠ ᠲᠣᠭᠲᠠᠭᠤᠨ᠎ᠤ ᠳᠤᠮᠳᠠ ᠰᠠᠢ᠌ᠵᠢᠷᠠᠵᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠢ ᠦᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 17.3%᠎ᠪᠠᠷ ᠨᠡᠮᠡᠭᠳᠡᠪᠡ
 
            