ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ᠎ᠠᠴᠠ ᠣᠢ᠌ᠯᠠᠭ᠋ᠠᠭᠰᠠᠨ᠎ᠨᠢ᠂ 2022 ᠣᠨ᠎ᠳᠤ ᠮᠠᠨ᠎ᠤ ᠣᠷᠣᠨ 《ᠡᠮᠦᠨ᠎ᠡ ᠹᠷᠣᠨᠲ ᠨᠢᠭᠡ ᠲᠣᠭᠣᠷᠢᠭ ᠬᠣᠶᠠᠷ ᠪᠦᠰᠡ》 ᠵᠢᠨ ᠶᠡᠷᠦᠩᠬᠡᠢ ᠪᠠᠢ᠌ᠷᠢᠰᠢᠭᠤᠯᠤᠯᠲᠠ᠎ᠳᠤ ᠦᠷᠭᠦᠯᠵᠢᠯᠡᠨ ᠠᠩᠬᠠᠷᠤᠯ ᠵᠶ᠋ᠠᠨ ᠲᠥᠪᠯᠡᠷᠡᠭᠦᠯᠵᠦ᠂ ᠥᠪᠥᠷ ᠮᠣᠩᠭᠣᠯ᠎ᠤᠨ ᠥᠨᠳᠥᠷᠯᠢᠭ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠂ ᠶᠡᠬᠡ ᠪᠠᠭ᠎ᠠ ᠬᠢᠩᠭ᠋ᠠᠨ ᠳᠠᠪᠠᠭ᠎ᠠ ᠵᠢᠨ ᠣᠶ ᠰᠢᠭᠤᠢ ᠵᠢᠨ ᠠᠮᠢ ᠠᠬᠤᠢ ᠵᠢ ᠬᠠᠮᠠᠭ᠋ᠠᠯᠠᠨ ᠪᠣᠢ᠌ᠵᠢᠭᠤᠯᠬᠤ ᠪᠠ ᠰᠢᠷ᠎ᠠ ᠬᠥᠷᠥᠰᠥᠲᠦ ᠥᠨᠳᠥᠷᠯᠢᠭ᠎ᠤᠨ ᠬᠥᠷᠥᠰᠥ ᠰᠢᠷᠣᠢ ᠵᠢᠨ ᠢᠳᠡᠭᠳᠡᠯ᠎ᠢ ᠶᠡᠷᠦᠩᠬᠡᠢ᠌ᠯᠡᠨ ᠵᠠᠰᠠᠬᠤ ᠵᠡᠷᠭᠡ ᠤᠯᠤᠰ᠎ᠤᠨ ᠭᠣᠣᠯᠳᠠᠯᠭ᠎ᠠ᠎ᠲᠠᠢ ᠣᠷᠣᠨ ᠪᠦᠰᠡ ᠵᠢᠨ ᠠᠮᠢ ᠠᠬᠤᠢ ᠵᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ᠎ᠢ ᠰᠠᠢ᠌ᠲᠤᠷ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠭᠣᠣᠯᠳᠠᠯᠭ᠎ᠠ᠎ᠲᠠᠢ ᠣᠷᠣᠨ ᠪᠦᠰᠡ ᠵᠢᠨ ᠰᠢᠪᠲᠤᠯᠤᠯᠲᠠ᠎ᠪᠠᠷ ᠪᠥᠬᠥ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ ᠵᠢ ᠳᠠᠶ᠋ᠢᠴᠢᠯᠠᠨ᠂ 200 ᠲᠦᠮᠡᠨ ᠮᠦ᠍᠎ᠠᠴᠠ ᠳᠡᠭᠡᠭᠰᠢ ᠣᠢ᠌ᠵᠢᠭᠤᠯᠵᠤ᠂ 1100 ᠲᠦᠮᠡᠨ ᠮᠦ᠍᠎ᠠᠴᠠ ᠳᠡᠭᠡᠭᠰᠢ ᠡᠪᠡᠰᠦ ᠳᠠᠷᠢᠬᠤ᠎ᠪᠠᠷ ᠲᠥᠯᠥᠪᠯᠡᠵᠦ ᠪᠣᠶ᠃
ᠡᠭᠦᠨ᠎ᠤ ᠬᠠᠮᠲᠤ᠂ ᠣᠶ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ 《ᠪᠠᠢ᠌ᠭ᠋ᠠᠯᠢ ᠵᠢᠨ ᠣᠶ ᠵᠢ ᠬᠠᠮᠠᠭ᠋ᠠᠯᠠᠨ ᠰᠡᠷᠭᠦᠭᠡᠬᠦ ᠳᠦᠷᠢᠮ᠎ᠤᠨ ᠬᠡᠷᠡᠭᠵᠢᠭᠦᠯᠬᠦ ᠲᠥᠰᠥᠯ》 ᠪᠠ 《ᠪᠠᠢ᠌ᠭ᠋ᠠᠯᠢ ᠵᠢᠨ ᠣᠶ ᠵᠢ ᠬᠠᠮᠠᠭ᠋ᠠᠯᠠᠨ ᠰᠡᠷᠭᠦᠭᠡᠬᠦ ᠳᠤᠮᠳᠠ ᠪᠠ ᠣᠷᠳᠣ ᠬᠤᠭᠤᠴᠠᠭ᠋ᠠᠨ᠎ᠤ ᠲᠥᠯᠦᠪᠵᠢᠭᠦᠯᠭᠡ》 ᠵᠢ ᠨᠠᠢ᠌ᠷᠠᠭᠤᠯᠤᠨ ᠲᠣᠭᠲᠠᠭ᠋ᠠᠵᠤ ᠬᠡᠷᠡᠭᠵᠢᠭᠦᠯᠬᠦ ᠵᠢ ᠪᠡᠶᠡᠯᠡᠭᠦᠯᠵᠦ᠂ ᠮᠠᠭᠤᠳᠠᠭᠰᠠᠨ ᠣᠶ ᠵᠢᠨ ᠬᠡᠰᠡᠭᠯᠡᠯ᠂ ᠵᠡᠷᠡᠮᠳᠡᠭ ᠣᠶ ᠵᠡᠷᠭᠡ ᠣᠷᠣᠨ ᠪᠦᠰᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠣᠶ ᠰᠢᠭᠤᠢ ᠵᠢᠨ ᠡᠵᠡᠩᠨᠡᠯᠲᠡ ᠵᠢᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠵᠦ᠂ ᠣᠶ ᠰᠢᠭᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠪᠦᠲᠦᠭᠡᠨ ᠪᠠᠶ᠋ᠢᠭᠤᠯᠬᠤ ᠡᠭᠦᠷᠭᠡ ᠵᠢ 156 ᠲᠦᠮᠡᠨ ᠮᠦ᠍ ᠪᠡᠶᠡᠯᠡᠭᠦᠯᠬᠦ᠎ᠪᠠᠷ ᠪᠠᠢ᠌ᠨ᠎ᠠ᠃ 《〈ᠠᠷᠪᠠᠨ ᠳᠥᠷᠪᠡᠳᠦᠭᠡᠷ ᠲᠠᠪᠤᠨ ᠵᠢᠯ〉 ᠤᠨ ᠨᠤᠲᠤᠭ ᠪᠡᠯᠴᠢᠭᠡᠷ᠎ᠢ ᠬᠠᠮᠠᠭ᠋ᠠᠯᠠᠨ ᠬᠥᠭᠵᠢᠭᠦᠯᠬᠦ ᠲᠥᠯᠦᠪᠵᠢᠭᠦᠯᠭᠡ》 ᠵᠢ ᠨᠠᠢ᠌ᠷᠠᠭᠤᠯᠤᠨ ᠬᠡᠷᠡᠭᠵᠢᠭᠦᠯᠵᠦ᠂ ᠨᠤᠲᠤᠭ ᠪᠡᠯᠴᠢᠭᠡᠷ᠎ᠤᠨ ᠠᠮᠢ ᠠᠬᠤᠢ ᠬᠡᠪᠡᠷᠡᠭ ᠣᠷᠣᠨ ᠪᠠ ᠬᠦᠨᠳᠦ ᠨᠣᠴᠢᠲᠠᠢ ᠮᠠᠭᠤᠵᠢᠷᠠᠵᠤ ᠡᠯᠡᠰᠦᠷᠬᠡᠭᠵᠢᠭᠰᠡᠨ ᠣᠷᠣᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠯ ᠪᠡᠯᠴᠢᠭᠡᠷ᠎ᠢ ᠲᠡᠩᠴᠡᠭᠦᠷᠢᠲᠡᠢ ᠪᠠᠢ᠌ᠯᠭ᠋ᠠᠬᠤ ᠪᠠ ᠪᠡᠯᠴᠢᠭᠡᠷᠯᠡᠭᠦᠯᠬᠦ ᠵᠢ ᠬᠤᠷᠢᠬᠯᠠᠬᠤ ᠪᠠ ᠪᠡᠯᠴᠢᠭᠡᠷᠯᠡᠭᠦᠯᠬᠦ ᠵᠢ ᠵᠣᠭᠰᠤᠭ᠋ᠠᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ 3.8 ᠳ᠋ᠦᠩᠰᠢᠭᠤᠷ ᠮᠤ᠌ ᠪᠠᠢ᠌ᠭ᠋ᠠᠯᠢ ᠵᠢᠨ ᠨᠤᠲᠤᠭ ᠪᠡᠯᠴᠢᠭᠡᠷ᠎ᠢ ᠠᠮᠠᠷᠠᠭᠤᠯᠵᠤ ᠰᠡᠷᠬᠦᠬᠡᠬᠦ᠎ᠪᠠᠷ ᠪᠠᠢ᠌ᠨ᠎ᠠ᠃ ᠪᠢᠲᠡᠭᠦᠮᠵᠢᠯᠡᠨ ᠪᠣᠢ᠌ᠵᠢᠭᠤᠯᠬᠤ᠂ ᠰᠠᠢ᠌ᠵᠢᠷᠠᠭᠤᠯᠬᠤ᠂ ᠡᠪᠡᠰᠦ ᠳᠠᠷᠢᠬᠤ᠂ ᠬᠤᠤᠷᠳᠤ ᠡᠪᠡᠰᠦ ᠵᠢ ᠵᠠᠰᠠᠬᠤ ᠵᠡᠷᠭᠡ ᠶᠡᠷᠦᠩᠬᠡᠢ᠌ᠯᠡᠭᠰᠡᠨ ᠠᠷᠭ᠎ᠠ ᠬᠡᠮᠵᠢᠶ᠎ᠡ ᠵᠢ ᠠᠪᠴᠤ ᠪᠠᠢ᠌ᠭ᠋ᠠᠳ ᠮᠠᠭᠤᠳᠠᠭᠰᠠᠨ ᠨᠤᠲᠤᠭ ᠪᠡᠯᠴᠢᠭᠡᠷ᠎ᠢ ᠰᠡᠷᠭᠦᠭᠡᠨ ᠵᠠᠰᠠᠬᠤ ᠠᠵᠢᠯ᠎ᠢ ᠴᠢᠩᠭ᠋ᠠᠳᠬᠠᠵᠤ᠂ ᠮᠠᠭᠤᠳᠠᠭᠰᠠᠨ ᠨᠤᠲᠤᠭ ᠪᠡᠯᠴᠢᠭᠡᠷ᠎ᠢ 400 ᠲᠦᠮᠡᠨ ᠮᠦ᠍᠎ᠠᠴᠠ ᠳᠡᠭᠡᠭᠰᠢ ᠰᠠᠢ᠌ᠵᠢᠷᠠᠭᠤᠯᠬᠤ ᠵᠢ ᠪᠡᠶᠡᠯᠡᠭᠦᠯᠦᠨ᠎ᠡ᠃