ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ᠎ᠤ 6 ᠬᠣᠲᠠ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠣᠲᠠ᠎ᠪᠠᠷ ᠳᠠᠬᠢᠨᠲᠠ ᠦᠨᠡᠯᠡᠭᠳᠡᠪᠡ
ᠨᠡᠶᠢᠲᠡᠯᠡᠭᠰᠡᠨ ᠴᠠᠭ᠄ 2022-02-14

    2 ᠳ᠋ᠤᠭ᠋ᠠᠷ ᠰᠠᠷ᠎ᠠ ᠵᠢᠨ 9᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠣᠢ᠌ᠯᠠᠭ᠋ᠠᠭᠰᠠᠨ ᠵᠶ᠋ᠠᠷ᠂ ᠮᠠᠨ᠎ᠤ ᠣᠷᠣᠨ᠎ᠤ 6 ᠬᠣᠲᠠ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠣᠲᠠ᠎ᠪᠠᠷ ᠳᠠᠬᠢᠨᠲᠠ ᠦᠨᠡᠯᠡᠭᠳᠡᠭᠰᠡᠨ ᠪᠥᠭᠡᠳ ᠪᠥᠬᠥ ᠤᠯᠤᠰ᠎ᠤᠨ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠠᠵᠢᠯ᠎ᠤᠨ ᠠᠯᠪᠠᠨ ᠭᠡᠷ᠎ᠠᠴᠠ ᠵᠠᠷᠯᠠᠨ ᠰᠠᠢ᠌ᠰᠢᠶᠠᠪᠠ᠃
    ᠣᠢ᠌ᠯᠠᠭ᠋ᠠᠭᠰᠠᠨ ᠵᠶ᠋ᠠᠷ᠂ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠣᠲᠠ ᠪᠠᠯᠭ᠋ᠠᠰᠤ ᠵᠢᠨ ᠬᠠᠮᠢᠶ᠎ᠠ ᠪᠦᠬᠦᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ ᠪᠣᠯᠣᠨ ᠪᠠᠷᠢᠮᠵᠢᠶ᠎ᠠ ᠵᠢ ᠦᠨᠳᠦᠰᠦᠯᠡᠪᠡᠯ᠂ ᠪᠥᠬᠥ ᠤᠯᠤᠰ᠎ᠤᠨ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠠᠵᠢᠯ᠎ᠤᠨ ᠠᠯᠪᠠᠨ ᠭᠡᠷ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ 2021 ᠣᠨ᠎ᠳᠤ ᠳᠠᠬᠢᠨ ᠬᠢᠨᠠᠬᠤ ᠵᠢᠷᠤᠮ᠎ᠳᠤ ᠣᠷᠣᠭᠰᠠᠨ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠣᠲᠠ (ᠲᠣᠭᠣᠷᠢᠭ)᠎ᠳᠤ ᠬᠢᠨᠠᠨ ᠲᠣᠭᠲᠠᠭ᠋ᠠᠯᠲᠠ ᠬᠢᠵᠦ᠂ ᠡᠯ᠎ᠡ ᠭᠠᠵᠠᠷ᠎ᠠᠴᠠ ᠮᠡᠳᠡᠭᠦᠯᠦᠭᠰᠡᠨ ᠤᠯᠤᠰ᠎ᠤᠨ ᠡᠷᠡᠭᠦᠯ ᠬᠠᠮᠠᠭ᠋ᠠᠯᠠᠯ᠎ᠤᠨ ᠰᠢᠶᠠᠩ ᠪᠠᠯᠭ᠋ᠠᠰᠤ (ᠰᠢᠶᠠᠨ᠎ᠤ ᠬᠣᠲᠠ) ᠵᠢᠨ ᠳᠠᠬᠢᠨ ᠬᠢᠨᠠᠭᠰᠠᠨ ᠦᠷ᠎ᠡ ᠳ᠋ᠦᠩ ᠵᠢ ᠰᠤᠭᠤᠴᠢᠨ ᠪᠠᠢ᠌ᠴᠠᠭ᠋ᠠᠬᠰᠠᠨ᠎ᠤ ᠳ᠋ᠦᠡᠭ᠎ᠳᠤ ᠮᠠᠨ᠎ᠤ ᠣᠷᠣᠨ᠎ᠤ ᠪᠤᠭᠤᠲᠤ ᠬᠣᠲᠠ᠂ ᠤᠯᠠᠭ᠋ᠠᠨᠬᠠᠳᠠ ᠬᠣᠲᠠ᠂ ᠲᠦᠩᠯᠢᠶᠣᠣ ᠬᠣᠲᠠ᠂ ᠣᠷᠳᠣᠰ ᠬᠣᠲᠠ᠂ ᠤᠯᠠᠭ᠋ᠠᠨᠴᠠᠪ ᠬᠣᠲᠠ ᠪᠣᠯᠣᠨ ᠰᠢᠯᠢᠩᠬᠣᠲᠠ ᠪᠥᠬᠥ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠣᠲᠠ᠎ᠪᠠᠷ ᠳᠠᠬᠢᠨᠲᠠ ᠦᠨᠡᠯᠡᠭᠳᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠵᠥᠪᠯᠡᠯ᠎ᠨᠢ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠣᠲᠠ ᠵᠢ ᠪᠡᠬᠢᠵᠢᠭᠦᠯᠬᠦ ᠠᠵᠢᠯ᠎ᠤᠨ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠤ᠂ ᠳᠠᠬᠢᠨ ᠬᠢᠨᠠᠭᠰᠠᠨ ᠠᠮᠵᠢᠯᠲᠠ ᠪᠦᠲᠦᠮᠵᠢ᠎ᠨᠢ ᠲᠣᠪᠣᠢ᠌ᠮ᠎ᠠ ᠪᠠᠢ᠌ᠵᠤ᠂ ᠵᠠᠷᠯᠠᠨ ᠰᠠᠢ᠌ᠰᠢᠶᠠᠪᠠ᠃
    ᠵᠠᠷᠯᠠᠯ᠎ᠳᠤ ᠵᠢᠭ᠋ᠠᠬᠰᠠᠨ᠎ᠨᠢ᠂ ᠳᠠᠬᠢᠨ ᠬᠢᠨᠠᠭᠰᠠᠨ ᠪᠠ ᠰᠣᠩᠭᠣᠨ ᠪᠠᠢ᠌ᠴᠠᠭ᠋ᠠᠭᠰᠠᠨ ᠦᠷ᠎ᠡ ᠳ᠋ᠦᠩ᠎ᠠᠴᠠ ᠦᠵᠡᠪᠡᠯ᠂ ᠡᠯ᠎ᠡ ᠭᠠᠵᠠᠷ᠎ᠤᠨ᠎ᠬᠢᠨ ᠠᠷᠢᠭᠤᠨ ᠴᠡᠪᠡᠷ ᠬᠣᠲᠠ ᠪᠠᠯᠭ᠋ᠠᠰᠤ ᠵᠢ ᠪᠠᠶ᠋ᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠤᠰ᠎ᠤᠨ ᠡᠷᠡᠭᠦᠯ ᠬᠠᠮᠠᠭ᠋ᠠᠯᠠᠯ ᠬᠣᠲᠠ ᠪᠠᠯᠭ᠋ᠠᠰᠤ ᠵᠢᠨ ᠢᠷᠠᠭᠤ ᠠᠯᠳᠠᠷ᠎ᠤᠨ ᠴᠣᠯᠠ ᠵᠢ ᠭᠥᠷᠳᠡᠭᠰᠡᠨ᠎ᠤ ᠳᠠᠷᠠᠭ᠎ᠠ᠂ ᠡᠷᠡᠭᠦᠯ ᠬᠠᠮᠠᠭ᠋ᠠᠯᠠᠯ᠎ᠤᠨ ᠡᠭᠦᠳᠦᠨ ᠪᠠᠶ᠋ᠢᠭᠤᠯᠬᠤ ᠠᠵᠢᠯ᠎ᠢ ᠪᠥᠬᠥ ᠲᠠᠯ᠎ᠠ᠎ᠪᠠᠷ ᠭᠦᠨᠵᠡᠭᠡᠢ ᠥᠷᠨᠢᠭᠦᠯᠬᠦ ᠵᠢ ᠦᠷᠭᠦᠯᠵᠢᠯᠡᠨ ᠠᠬᠢᠭᠤᠯᠵᠤ᠂ ᠬᠣᠲᠠ ᠵᠢᠨ ᠡᠷᠡᠭᠦᠯ ᠬᠠᠮᠠᠭ᠋ᠠᠯᠠᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ᠂ ᠣᠯᠠᠨ ᠲᠦᠮᠡᠨ᠎ᠤ ᠡᠷᠡᠭᠦᠯ ᠮᠡᠨᠳᠦ ᠵᠢ ᠨᠥᠯᠥᠭᠡᠯᠡᠵᠦ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠴᠢᠷᠮᠠᠢ᠌ᠨ ᠰᠢᠢ᠍ᠳᠪᠦᠷᠢᠯᠡᠵᠦ᠂ ᠬᠣᠲᠠ ᠪᠠᠯᠭ᠋ᠠᠰᠤ ᠵᠢᠨ ᠨᠡᠢ᠌ᠭᠡᠮ᠎ᠤᠨ ᠡᠷᠡᠭᠦᠯ ᠬᠠᠮᠠᠭ᠋ᠠᠯᠠᠯ᠎ᠤᠨ ᠶᠡᠷᠦᠩᠬᠡᠢ᠌ᠯᠡᠭᠰᠡᠨ ᠵᠠᠰᠠᠯᠲᠠ ᠵᠢ ᠲᠠᠰᠤᠷᠠᠯᠲᠠ ᠦᠭᠡᠢ ᠴᠢᠩᠭ᠋ᠠᠳᠬᠠᠨ᠂ ᠤᠯᠤᠰ᠎ᠤᠨ ᠡᠷᠡᠭᠦᠯ ᠬᠠᠮᠠᠭ᠋ᠠᠯᠠᠯ ᠬᠣᠲᠠ ᠪᠠᠯᠭ᠋ᠠᠰᠤ ᠵᠢ ᠡᠭᠦᠳᠦᠨ ᠪᠠᠢ᠌ᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠬᠥᠭᠵᠢᠭᠦᠯᠵᠦ᠂ ᠨᠡᠢ᠌ᠲᠡᠯᠢᠭ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠪᠠ᠃ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ ᠡᠭᠦᠰᠦᠭᠰᠡᠨ᠎ᠠᠴᠠ ᠨᠠᠭ᠋ᠠᠰᠢ᠂ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠳᠤ ᠪᠠᠲᠤ ᠪᠡᠬᠢ ᠣᠷᠴᠢᠨ ᠲᠣᠭᠣᠷᠢᠨ᠎ᠤ ᠰᠠᠭᠤᠷᠢ ᠵᠢ ᠲᠠᠯᠪᠢᠵᠤ᠂ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠭᠰᠠᠨ ᠪᠠᠢ᠌ᠨ᠎ᠠ᠃


  



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠦᠨᠤ ᠵᠢᠯ 200 ᠲᠦᠮᠡᠨ ᠮᠦ᠍ ᠤᠢ ᠮᠤᠳᠤ᠂ 1100 ᠲᠦᠮᠡᠨ ᠮᠦ᠍ ᠲᠡᠵᠢᠬᠡᠯ ᠡᠪᠡᠰᠤ ᠳᠡᠭᠡᠭᠰᠢ ᠳᠠᠷᠢᠬᠤ᠎ᠪᠠᠷ ᠪᠣᠶ
ᠲᠦᠷᠦᠭᠦᠸ᠋ ᠬᠠᠭ᠋ᠠᠰ ᠵᠢᠯ ᠮᠠᠨ᠎ᠤ ᠣᠷᠣᠨ᠎ᠤ ᠦᠢ᠍ᠯᠡᠳᠪᠦᠷᠢᠯᠡᠯ᠎ᠤᠨ ᠶᠡᠷᠤᠡᠭᠭᠡᠢ ᠥᠷᠲᠡᠭ 10465 ᠳ᠋ᠦᠩᠰᠢᠭᠤᠷ ᠲᠥᠭᠥᠷᠢᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 4.3% ᠨᠡᠮᠡᠭᠳᠡᠪᠡ
ᠲᠦᠷᠤᠬᠦᠤ ᠬᠠᠭ᠋ᠠᠰ ᠵᠢᠯ ᠮᠠᠨ᠎ᠤ ᠣᠷᠣᠨ᠎ᠤ ᠭᠠᠳᠠᠭ᠋ᠠᠳᠤ ᠠᠷᠠᠯᠵᠢᠶ᠎ᠠ ᠲᠣᠭᠲᠠᠭᠤᠨ᠎ᠤ ᠳᠤᠮᠳᠠ ᠰᠠᠢ᠌ᠵᠢᠷᠠᠵᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠢ ᠦᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 17.3%᠎ᠪᠠᠷ ᠨᠡᠮᠡᠭᠳᠡᠪᠡ
ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠣᠶᠤᠨᠲᠤ ᠡᠳ᠋ ᠪᠠᠷᠠᠭ᠋ᠠᠨ᠎ᠤ ᠭᠦᠢ᠍ᠯᠭᠡᠭᠡᠨ᠎ᠤ ᠨᠡᠭᠦᠷᠡᠰᠦᠲᠥ᠋ᠷᠥᠭᠴᠢ ᠵᠢ ᠰᠠᠭ᠋ᠠᠷᠮᠠᠬ᠍ᠵᠢᠭᠤᠯᠬᠤ ᠮᠡᠷᠭᠡᠵᠢᠯ᠎ᠤᠨ ᠰᠢᠨ᠎ᠡ ᠵᠢ ᠡᠭᠦᠳᠬᠦ ᠰᠤᠳᠤᠯᠭ᠋ᠠᠨ᠎ᠤ ᠬᠦᠷᠢᠶᠡᠯᠡᠩ᠎ᠤᠨ᠎ᠬᠢᠨ ᠪᠤᠭᠤᠲᠤ᠎ᠳᠤ ᠫᠠᠢ᠌ᠰᠠ᠎ᠪᠠᠨ ᠡᠯᠬᠦᠪᠡ
ᠵᠧᠩ ᠭᠤᠸᠠᠡᠭ ᠵᠤᠤ ᠬᠠᠤᠯᠢ ᠴᠠᠭ᠋ᠠᠵᠠ ᠵᠢᠨ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠢ ᠪᠠᠢ᠌ᠴᠠᠭ᠋ᠠᠨ ᠰᠤᠳᠤᠯᠬᠤ ᠎ᠳᠤ᠎ᠪᠠᠨ ᠴᠢᠬᠤᠯᠠᠴᠢᠯᠠᠭᠰᠠᠨ᠎ᠨᠢ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠭᠰᠡᠨ ᠪᠣᠳᠠᠲᠤ ᠦᠷ᠎ᠡ ᠪᠦᠲᠦᠮᠵᠢ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ
 
            