ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠦᠷᠦᠭᠦᠸ᠋ ᠬᠠᠭ᠋ᠠᠰ ᠵᠢᠯ ᠮᠠᠨ᠎ᠤ ᠣᠷᠣᠨ᠎ᠤ ᠦᠢ᠍ᠯᠡᠳᠪᠦᠷᠢᠯᠡᠯ᠎ᠤᠨ ᠶᠡᠷᠤᠡᠭᠭᠡᠢ ᠥᠷᠲᠡᠭ 10465 ᠳ᠋ᠦᠩᠰᠢᠭᠤᠷ ᠲᠥᠭᠥᠷᠢᠭ᠎ᠲᠤ ᠬᠦᠷᠴᠦ ᠠᠳᠠᠯᠢ ᠬᠤᠭᠤᠴᠠᠭ᠋ᠠᠨ᠎ᠤ᠎ᠬᠢ᠎ᠠᠴᠠ 4.3% ᠨᠡᠮᠡᠭᠳᠡᠪᠡ
ᠨᠡᠶᠢᠲᠡᠯᠡᠭᠰᠡᠨ ᠴᠠᠭ᠄ 2022-07-21

   7 ᠳ᠋ᠤᠭ᠋ᠠᠷ ᠰᠠᠷ᠎ᠠ ᠵᠢᠨ 18᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠵᠣᠬᠢᠶᠠᠨ ᠪᠠᠢ᠌ᠭᠤᠯᠵᠤ ᠬᠤᠷᠠᠯᠳᠤᠭᠤᠯᠤᠭᠰᠠᠨ ᠲᠦᠷᠦᠭᠦᠸ᠋ ᠬᠠᠭ᠋ᠠᠰ ᠵᠢᠯ᠎ᠤᠨ ᠪᠥᠬᠥ ᠣᠷᠣᠨ᠎ᠤ ᠠᠵᠤ ᠠᠬᠤᠢ ᠵᠢᠨ ᠠᠵᠢᠯᠯᠠᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ᠎ᠨᠢ᠄ 2022 ᠣᠨ᠎ᠤ ᠲᠦᠤᠬᠦᠤ ᠬᠠᠭ᠋ᠠᠰ ᠵᠢᠯ ᠪᠥᠬᠥ ᠣᠷᠣᠨ᠎ᠤ ᠦᠢ᠍ᠯᠡᠳᠪᠦᠷᠢᠯᠡᠯ᠎ᠤᠨ ᠶᠡᠷᠤᠡᠭᠭᠡᠢ ᠥᠷᠲᠡᠭ 10465 ᠳ᠋ᠦᠩᠰᠢᠭᠤᠷ ᠲᠥᠭᠥᠷᠢᠭ᠎ᠲᠤ ᠬᠦᠷᠴᠦ᠂ ᠥᠯᠥ ᠬᠤᠪᠢᠰᠬᠤ ᠦᠨ᠎ᠡ᠎ᠪᠠᠷ ᠪᠤᠳᠤᠪᠠᠯ᠂ ᠠᠳᠠᠯᠢ ᠬᠤᠭᠤᠴᠠᠭ᠋ᠠᠨ᠎ᠤ᠎ᠬᠢ᠎ᠠᠴᠠ 4.3%᠎ᠪᠠᠷ ᠨᠡᠮᠡᠭᠳᠡᠵᠡᠢ᠃ ᠠᠵᠤ ᠦᠢ᠍ᠯᠡᠰ ᠵᠶ᠋ᠡᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 3.5%᠂ ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 7.0%᠂ ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 2.3% ᠨᠡᠮᠡᠭᠳᠡᠵᠡᠢ᠃
   ᠦᠨᠤ ᠵᠢᠯ ᠪᠦᠬᠦ ᠣᠷᠣᠨ᠎ᠤ ᠳᠡᠭᠡᠳᠦ ᠳᠣᠣᠷᠠᠳᠤ ᠱᠠᠲᠤ᠎ᠪᠠᠷ ᠵᠶ᠋ᠠᠨ ᠰᠢ ᠵᠢᠨ ᠫᠢᠩ ᠶᠡᠷᠦᠩᠬᠡᠢ ᠱᠦᠵᠢ ᠵᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶ᠎ᠠ ᠵᠢᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠵᠢ ᠲᠣᠭᠲᠠᠪᠤᠷᠢᠵᠢᠭᠤᠯᠬᠤ ᠬᠠᠮ ᠲᠦᠷᠦ ᠵᠢᠨ ᠪᠣᠳᠣᠯᠭ᠎ᠠ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠪᠦᠬᠦ ᠣᠷᠣᠨ᠎ᠤ ᠠᠵᠤ ᠠᠬᠤᠢ ᠵᠢᠨ ᠠᠵᠢᠯᠯᠠᠭ᠋ᠠᠨ ᠶᠡᠷᠦᠩᠬᠡᠢ᠎ᠳᠤ᠎ᠪᠠᠨ ᠲᠣᠭᠲᠠᠭᠤᠨ ᠪᠠᠢ᠌ᠨ᠎ᠠ᠃
   ᠪᠤᠳᠠᠳᠠᠢ᠌ᠴᠢᠯᠠᠪᠠᠯ ᠠᠵᠤ ᠠᠬᠤᠢ ᠵᠢᠨ ᠠᠵᠢᠯᠯᠠᠭ᠋ᠠᠨ᠎ᠳᠤ  ᠲᠠᠷᠠᠭ᠋ᠠᠬᠢ ᠮᠡᠲᠦ ᠣᠨᠴᠠᠯᠢᠭ᠎ᠲᠠᠢ᠄
   ᠲᠠᠷᠢᠶᠠᠯᠠᠩ᠎ᠤᠨ ᠦᠢ᠍ᠯᠡᠳᠪᠦᠷᠢᠯᠡᠯ᠎ᠢ ᠡᠮᠬᠢ ᠵᠢᠷᠤᠮ᠎ᠲᠠᠢ ᠠᠬᠢᠭᠤᠯᠵᠤ᠂ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠲᠣᠭᠲᠠᠭᠤᠨ᠎ᠢ ᠪᠠᠲᠤᠯᠠᠪᠠ᠃ ᠲᠦᠷᠤᠬᠦᠤ ᠬᠠᠭ᠋ᠠᠰ ᠵᠢᠯ ᠪᠦᠬᠦ ᠣᠷᠣᠨ᠎ᠤ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭ᠋ᠠᠰᠤᠨ ᠠᠵᠤ ᠠᠬᠤᠢ ᠵᠢᠨ ᠶᠡᠷᠦᠩᠬᠡᠢ ᠦᠷᠳᠡᠭ 703.4 ᠳ᠋ᠦᠩᠰᠢᠭᠤᠷ ᠲᠥᠭᠥᠷᠢᠭ᠎ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ᠎ᠪᠠᠷ ᠪᠤᠳᠤᠪᠠᠯ᠂ ᠠᠳᠠᠯᠢ ᠬᠤᠭᠤᠴᠠᠭ᠋ᠠᠨ᠎ᠤ᠎ᠬᠢ᠎ᠠᠴᠠ 4.3% ᠨᠡᠮᠡᠭᠳᠡᠵᠡᠢ᠃ ᠬᠠᠪᠤᠷ᠎ᠤᠨ ᠲᠠᠷᠢᠶᠠᠯᠠᠭ᠎ᠠ ᠤᠷᠤᠬᠰᠢᠳᠠᠢ ᠶᠠᠪᠤᠬᠳᠠᠵᠤ᠂ ᠭᠣᠣᠯ ᠲᠠᠷᠢᠮᠠᠯ ᠤᠷᠭᠤᠴᠠ ᠰᠠᠢ᠌ᠳᠠᠢ ᠪᠠᠢ᠌ᠨ᠎ᠠ᠃ ᠮᠠᠯ ᠵᠢᠭᠦᠷᠲᠡᠨ ᠲᠣᠭᠲᠠᠭᠤᠨ ᠵᠶ᠋ᠠᠷ ᠨᠡᠮᠡᠭᠳᠡᠵᠦ᠂ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠠᠢ᠌ᠳᠠᠯ ᠲᠣᠭᠲᠠᠭᠤᠨ ᠪᠠᠢ᠌ᠨ᠎ᠠ᠃
    ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ᠎ᠤ ᠳᠤᠮᠳᠠ ᠲᠦᠷᠭᠡᠳᠪᠡ᠃  ᠲᠦᠷᠤᠬᠦᠤ ᠬᠠᠭ᠋ᠠᠰ ᠵᠢᠯ ᠪᠦᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 8.4% ᠨᠡᠮᠡᠭᠳᠡᠪᠡ᠃ ᠡᠬᠦᠨ᠎ᠳᠤ ᠠᠭᠤᠷᠬᠠᠢ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 9.5%᠂ ᠦᠢᠯᠡᠳᠬᠦ ᠦᠢ᠍ᠯᠡᠰ᠎ᠤᠨ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 8.8%᠂ ᠴᠠᠬᠢᠯᠭ᠋ᠠᠨ᠂ ᠢᠯᠴᠢ ᠂ ᠰᠢᠲᠠᠮᠠᠬᠠᠢ ᠬᠡᠢ ᠪᠠ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 4.7%᠎ᠪᠠᠷ ᠨᠡᠮᠡᠭᠳᠡᠵᠡᠢ᠃
    ᠦᠢ᠍ᠯᠡᠴᠢᠯᠡᠭᠡᠨ᠎ᠤ ᠦᠢ᠍ᠯᠡᠰ ᠦᠷᠭᠦᠯᠵᠢᠯᠡᠨ ᠰᠡᠷᠭᠦᠵᠦ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠨᠡᠮᠡᠭᠳᠡᠯ᠎ᠤᠨ ᠬᠠᠨᠳᠤᠰᠢ ᠨᠡᠯᠢᠶᠡᠳ ᠰᠠᠢ᠌ᠨ ᠪᠣᠯᠪᠠ᠃ ᠲᠦᠷᠤᠬᠦᠤ ᠬᠠᠭ᠋ᠠᠰ ᠵᠢᠯ ᠪᠥᠬᠥ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 2.3% ᠨᠡᠮᠡᠭᠳᠡᠪᠡ᠃ ᠡᠭᠦᠨ᠎ᠳᠤ᠂ ᠪᠥᠭᠡᠮ ᠵᠶ᠋ᠡᠷ ᠬᠤᠳᠠᠯᠳᠤᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 4.7%᠂ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭ᠋ᠠᠯᠠᠬᠤ ᠪᠠ ᠰᠢᠤᠳᠠᠨ᠎ᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.8%᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 3.8% ᠨᠡᠮᠡᠭᠳᠡᠵᠡᠢ᠃
    ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ ᠨᠡᠯᠢᠶᠡᠳ ᠲᠦᠷᠭᠡᠨ ᠪᠤᠯᠪᠠ᠃ ᠲᠦᠷᠤᠬᠦᠤ ᠬᠠᠭ᠋ᠠᠰ ᠵᠢᠯ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠪᠠᠭᠲᠠᠬᠤ ᠦᠭᠡᠢ) ᠠᠳᠠᠯᠢ ᠬᠤᠭᠤᠴᠠᠭ᠋ᠠᠨ᠎ᠤ᠎ᠬᠢ᠎ᠠᠴᠠ 33.9% ᠨᠡᠮᠡᠭᠳᠡᠪᠡ᠃ ᠡᠬᠦᠨ᠎ᠳᠤ ᠰᠠᠭᠤᠷᠢ ᠲᠥᠬᠦᠭᠡᠷᠦᠮᠵᠢ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 52.8% ᠂ ᠦᠢᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 59.9% ᠂ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 8.5%᠎ᠪᠠᠷ ᠪᠠᠭᠤᠷᠠᠪᠠ (ᠪᠠᠭᠤᠷᠠᠯᠲᠠ ᠵᠢᠨ ᠬᠡᠮᠵᠢᠶ᠎ᠡ᠎ᠨᠢ ᠲᠦᠷᠦᠭᠦᠸ᠋ 5 ᠰᠠᠷ᠎ᠠ ᠵᠢᠨ᠎ᠬᠢ᠎ᠠᠴᠠ 4.7% ᠪᠠᠭ᠋ᠠᠰᠴᠠᠢ)᠃ ᠨᠢᠭᠡᠳᠦᠭᠡᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 55.3% ᠂ ᠬᠣᠶᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 52.4%᠂ ᠭᠤᠷᠪᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 14.8% ᠨᠡᠮᠡᠭᠳᠡᠵᠡᠢ᠃
   ᠬᠡᠷᠡᠭᠯᠡᠭᠡᠨ᠎ᠤ ᠵᠠᠬ᠎ᠠ ᠳᠡᠯᠭᠡᠭᠦᠷ᠎ᠢ ᠲᠦᠷᠭᠡᠨ ᠰᠡᠷᠬᠦᠵᠤ᠂ ᠰᠠᠭᠤᠭ᠋ᠠᠯᠢ ᠠᠷᠠᠳ᠎ᠤᠨ ᠦᠨᠳᠦᠰᠦᠨ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢ᠍ᠯ᠎ᠤᠨ ᠪᠣᠷᠤᠯᠠᠭᠤᠯᠭ᠎ᠠ ᠰᠠᠢ᠌ᠵᠢᠷᠠᠪᠠ᠃ ᠲᠦᠷᠤᠬᠦᠤ ᠬᠠᠭ᠋ᠠᠰ ᠵᠢᠯ ᠪᠥᠬᠥ ᠣᠷᠣᠨ᠎ᠤ ᠨᠡᠢ᠌ᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ 2285.2 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 0.2% ᠪᠠᠭᠤᠷᠠᠪᠠ᠃ ᠡᠭᠦᠨ᠎ᠳᠤ᠂ ᠦᠨᠳᠦᠰᠦᠨ ᠠᠮᠢᠳᠤᠷᠠᠯ᠎ᠤᠨ ᠲᠥᠷᠥᠯ᠎ᠤᠨ ᠬᠡᠷᠡᠭᠯᠡᠭᠡ ᠲᠣᠭᠲᠠᠭᠤᠨ ᠵᠶ᠋ᠠᠷ ᠨᠡᠮᠡᠭᠳᠡᠵᠦ᠂ ᠠᠮᠤ ᠲᠣᠰᠣ ᠢᠳᠡᠭᠡᠨ᠎ᠤ ᠲᠥᠷᠥᠯ᠎ᠤᠨ ᠪᠦᠳᠦᠭᠡᠭᠳᠡᠬᠦᠨ᠎ᠢ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 26.4% ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 13.7%᠂ ᠬᠢᠳᠡᠳ ᠡᠸᠦ᠋ᠷᠦᠫᠡ ᠡᠮ᠎ᠤᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 9.6% ᠨᠡᠮᠡᠭᠳᠡᠵᠡᠢ᠃
   ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠲᠣᠭᠲᠠᠭᠤᠨ ᠪᠠᠢ᠌ᠬᠤ ᠵᠢ ᠪᠠᠲᠤᠯᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠵᠢᠨ ᠥᠰᠦᠯᠲᠡ ᠪᠠᠭᠤᠷᠠᠪᠠ᠃ ᠲᠦᠷᠦᠭᠦᠸ᠋ ᠬᠠᠭ᠋ᠠᠰ ᠵᠢᠯ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 1.6%᠎ᠪᠠᠷ ᠨᠡᠮᠡᠭᠳᠡᠪᠡ᠃ ᠡᠭᠦᠨ᠎ᠤ ᠳᠣᠲᠣᠷ᠎ᠠ᠂ ᠬᠤᠳᠠ ᠵᠢᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ 1.5%᠎ᠪᠠᠷ ᠥᠰᠴᠦ᠂ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ 1.7%᠎ᠪᠠᠷ ᠥᠰᠴᠡᠢ᠃ 6 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠬᠠᠩᠰᠢ᠂ ᠬᠤᠳᠠᠯᠳᠤᠨ ᠣᠷᠣᠭᠤᠯᠬᠤ ᠦᠨ᠎ᠡ ᠬᠠᠩᠰᠢ ᠲᠣᠰ ᠲᠣᠰ 15.1% ᠪᠠ 18.6%᠎ᠪᠠᠷ ᠥᠰᠴᠦ᠂ ᠥᠰᠦᠯᠲᠡ ᠵᠢᠨ ᠬᠡᠮᠵᠢᠶ᠎ᠡ᠎ᠨᠢ ᠲᠦᠷᠦᠭᠦᠸ᠋ ᠰᠠᠷ᠎ᠠ ᠵᠢᠨ᠎ᠬᠢ᠎ᠠᠴᠠ 3.6% ᠪᠠ 2.5%   ᠪᠠᠭᠤᠷᠠᠪᠠ᠃
ᠰᠠᠭᠤᠭ᠋ᠠᠯᠢ ᠠᠷᠠᠳ᠎ᠤᠨ ᠣᠷᠣᠯᠭ᠎ᠠ ᠲᠣᠭᠲᠠᠭᠤᠨ ᠵᠶ᠋ᠠᠷ ᠨᠡᠮᠡᠭᠳᠡᠪᠡ᠃ ᠲᠦᠷᠤᠬᠦᠤ ᠬᠠᠭ᠋ᠠᠰ ᠵᠢᠯ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 17177 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.6% ᠨᠡᠮᠡᠭᠳᠡᠪᠡ᠃

 


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠷᠤᠬᠦᠤ ᠬᠠᠭ᠋ᠠᠰ ᠵᠢᠯ ᠮᠠᠨ᠎ᠤ ᠣᠷᠣᠨ᠎ᠤ ᠭᠠᠳᠠᠭ᠋ᠠᠳᠤ ᠠᠷᠠᠯᠵᠢᠶ᠎ᠠ ᠲᠣᠭᠲᠠᠭᠤᠨ᠎ᠤ ᠳᠤᠮᠳᠠ ᠰᠠᠢ᠌ᠵᠢᠷᠠᠵᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠢ ᠦᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 17.3%᠎ᠪᠠᠷ ᠨᠡᠮᠡᠭᠳᠡᠪᠡ
ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠣᠶᠤᠨᠲᠤ ᠡᠳ᠋ ᠪᠠᠷᠠᠭ᠋ᠠᠨ᠎ᠤ ᠭᠦᠢ᠍ᠯᠭᠡᠭᠡᠨ᠎ᠤ ᠨᠡᠭᠦᠷᠡᠰᠦᠲᠥ᠋ᠷᠥᠭᠴᠢ ᠵᠢ ᠰᠠᠭ᠋ᠠᠷᠮᠠᠬ᠍ᠵᠢᠭᠤᠯᠬᠤ ᠮᠡᠷᠭᠡᠵᠢᠯ᠎ᠤᠨ ᠰᠢᠨ᠎ᠡ ᠵᠢ ᠡᠭᠦᠳᠬᠦ ᠰᠤᠳᠤᠯᠭ᠋ᠠᠨ᠎ᠤ ᠬᠦᠷᠢᠶᠡᠯᠡᠩ᠎ᠤᠨ᠎ᠬᠢᠨ ᠪᠤᠭᠤᠲᠤ᠎ᠳᠤ ᠫᠠᠢ᠌ᠰᠠ᠎ᠪᠠᠨ ᠡᠯᠬᠦᠪᠡ
ᠵᠧᠩ ᠭᠤᠸᠠᠡᠭ ᠵᠤᠤ ᠬᠠᠤᠯᠢ ᠴᠠᠭ᠋ᠠᠵᠠ ᠵᠢᠨ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠢ ᠪᠠᠢ᠌ᠴᠠᠭ᠋ᠠᠨ ᠰᠤᠳᠤᠯᠬᠤ ᠎ᠳᠤ᠎ᠪᠠᠨ ᠴᠢᠬᠤᠯᠠᠴᠢᠯᠠᠭᠰᠠᠨ᠎ᠨᠢ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠭᠰᠡᠨ ᠪᠣᠳᠠᠲᠤ ᠦᠷ᠎ᠡ ᠪᠦᠲᠦᠮᠵᠢ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ
ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠠᠨᠳᠤᠰᠢ ᠡᠷᠴᠢᠳᠠᠢ᠂ ᠠᠵᠤ ᠦᠢ᠍ᠯᠡᠳᠪᠦᠷᠢ ᠵᠢᠨ ᠶᠠᠰᠤ ᠴᠢᠨᠠᠷ ᠲᠣᠭᠲᠠᠭᠤᠨ᠎ᠤ ᠳᠤᠮᠳᠠ ᠲᠡᠭᠡᠭᠰᠢᠯᠡᠵᠤ᠂ ᠥᠪᠥᠷ ᠮᠣᠩᠭᠣᠯ᠎ᠤᠨ ᠲᠦᠷᠦᠭᠦᠸ᠋ ᠬᠠᠭ᠋ᠠᠰ ᠵᠢᠯ᠎ᠤᠨ ᠠᠵᠤ ᠠᠬᠤᠢ ᠬᠢᠯᠠᠰ ᠴᠡᠭ ᠤᠯᠠᠨ ᠪᠠᠢ᠌ᠨ᠎ᠠ
ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠪᠠᠢ᠌ᠭᠤᠯᠤᠭᠳᠠᠭᠰᠠᠨ 70 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠬᠤᠷᠠᠯᠳᠤᠪᠠ
 
            