ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠦᠷᠤᠬᠦᠤ ᠬᠠᠭ᠋ᠠᠰ ᠵᠢᠯ ᠮᠠᠨ᠎ᠤ ᠣᠷᠣᠨ᠎ᠤ ᠭᠠᠳᠠᠭ᠋ᠠᠳᠤ ᠠᠷᠠᠯᠵᠢᠶ᠎ᠠ ᠲᠣᠭᠲᠠᠭᠤᠨ᠎ᠤ ᠳᠤᠮᠳᠠ ᠰᠠᠢ᠌ᠵᠢᠷᠠᠵᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠢ ᠦᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 17.3%᠎ᠪᠠᠷ ᠨᠡᠮᠡᠭᠳᠡᠪᠡ
ᠨᠡᠶᠢᠲᠡᠯᠡᠭᠰᠡᠨ ᠴᠠᠭ᠄ 2022-07-22

    7 ᠳ᠋ᠤᠭ᠋ᠠᠷ ᠰᠠᠷ᠎ᠠ ᠵᠢᠨ 20᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠦᠷᠦᠭᠦᠸ᠋ ᠬᠠᠭ᠋ᠠᠰ ᠵᠢᠯ᠎ᠤᠨ ᠭᠠᠳᠠᠭ᠋ᠠᠳᠤ ᠠᠷᠠᠯᠵᠢᠶ᠎ᠠ ᠵᠢᠨ ᠦᠨᠳᠤᠰᠤᠨ ᠪᠠᠢ᠌ᠳᠠᠯ᠎ᠢ ᠨᠡᠢ᠌ᠳᠡᠯᠡᠪᠡ᠃ ᠬᠥᠬᠡᠬᠣᠲᠠ ᠵᠢᠨ ᠪᠣᠭᠣᠮᠲᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠭᠠᠳᠠᠭ᠋ᠠᠳᠤ ᠠᠷᠠᠯᠵᠢᠶᠠᠨ᠎ᠤ ᠨᠡᠮᠡᠭᠳᠡᠯ᠎ᠢ ᠳᠠᠢ᠌ᠴᠢᠯᠠᠬᠤ ᠭᠣᠣᠯ ᠬᠦᠴᠦᠨ ᠵᠦᠢ᠍ᠯ᠂ ᠭᠠᠳᠠᠭ᠋ᠠᠳᠤ ᠠᠷᠠᠯᠵᠢᠶᠠᠨ᠎ᠤ ᠲᠣᠭᠲᠠᠭᠤᠨ ᠵᠶ᠋ᠠᠷ ᠰᠠᠢ᠌ᠵᠢᠷᠠᠬᠤ ᠵᠢ ᠠᠬᠢᠭᠤᠯᠬᠤ ᠠᠷᠭ᠎ᠠ ᠵᠡᠷᠭᠡ ᠬᠠᠮᠢᠶ᠎ᠠ ᠪᠦᠬᠦᠢ ᠪᠠᠢ᠌ᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
   ᠣᠢ᠌ᠯᠠᠭ᠋ᠠᠭᠰᠠᠨ ᠵᠶ᠋ᠠᠷ᠂ ᠲᠦᠷᠦᠭᠦᠸ᠋ ᠬᠠᠭ᠋ᠠᠰ ᠵᠢᠯ ᠮᠠᠨ᠎ᠤ ᠣᠷᠣᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠯᠡᠵᠦ᠂ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠲᠣᠭᠲᠠᠭᠤᠨ ᠵᠶ᠋ᠠᠷ ᠨᠡᠮᠡᠭᠳᠡᠪᠡ᠃ ᠪᠣᠭᠣᠮᠲᠠ ᠵᠢᠨ ᠪᠦᠷᠢᠳᠬᠡᠯ᠎ᠢ ᠦᠨᠳᠦᠰᠦᠯᠡᠪᠡᠯ᠂ ᠮᠠᠨ᠎ᠤ ᠣᠷᠣᠨ᠎ᠤ ᠭᠠᠳᠠᠭ᠋ᠠᠳᠤ ᠠᠷᠠᠯᠵᠢᠶ᠎ᠠ ᠵᠢᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠢ ᠥᠷᠲᠡᠭ 680.7 ᠳ᠋ᠦᠩᠰᠢᠭᠤᠷ ᠲᠥᠭᠥᠷᠢᠭ  ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 17.3% ᠨᠡᠮᠡᠭᠳᠡᠵᠦ᠂ ᠪᠥᠬᠥ ᠤᠯᠤᠰ᠎ᠤᠨ ᠭᠠᠳᠠᠭ᠋ᠠᠳᠤ ᠠᠷᠠᠯᠵᠢᠶ᠎ᠠ ᠵᠢᠨ ᠨᠡᠮᠡᠭᠳᠡᠯ᠎ᠤᠨ ᠬᠤᠷᠳᠤᠴᠠ᠎ᠠᠴᠠ 7.9% ᠥᠨᠳᠥᠷ ᠪᠣᠯᠪᠠ᠃ ᠡᠭᠦᠨ᠎ᠤ ᠳᠣᠲᠣᠷ᠎ᠠ ᠭᠠᠳᠠᠭ᠋ᠠᠳᠤ᠎ᠳᠤ ᠭᠠᠷᠭ᠋ᠠᠭᠰᠠᠨ ᠬᠡᠮᠵᠢᠶ᠎ᠡ 292.5 ᠳ᠋ᠦᠩᠰᠢᠭᠤᠷ ᠲᠥᠭᠥᠷᠢᠭ᠎ᠲᠤ ᠬᠦᠷᠴᠦ᠂ 32.6%᠎ᠪᠠᠷ ᠨᠡᠮᠡᠭᠳᠡᠵᠤ᠂ ᠭᠠᠳᠠᠭ᠋ᠠᠳᠤ ᠣᠷᠣᠭᠤᠯᠤᠯᠲᠠ 388.2 ᠳ᠋ᠦᠩᠰᠢᠭᠤᠷ ᠲᠥᠭᠥᠷᠢᠭ᠎ᠲᠤ ᠬᠦᠷᠴᠦ᠂ 7.9%᠎ᠪᠠᠷ ᠨᠡᠮᠡᠭᠳᠡᠪᠡ᠃
    6 ᠳ᠋ᠤᠭ᠋ᠠᠷ ᠰᠠᠷ᠎ᠠ᠎ᠳᠤ ᠮᠠᠨ᠎ᠤ ᠣᠷᠣᠨ᠎ᠤ ᠭᠠᠳᠠᠭ᠋ᠠᠳᠤ ᠠᠷᠠᠯᠵᠢᠶ᠎ᠠ 4 ᠰᠠᠷ᠎ᠠ ᠳᠠᠷᠠᠭ᠋ᠠᠯᠠᠨ ᠨᠡᠮᠡᠭᠳᠡᠯ᠎ᠲᠠᠢ ᠪᠣᠯᠵᠤ᠂ ᠢᠯᠠᠩᠭᠤᠶ᠎ᠠ 4᠂ 5᠂ 6 ᠳ᠋ᠤᠭ᠋ᠠᠷ ᠰᠠᠷ᠎ᠠ᠎ᠳᠤ ᠭᠠᠳᠠᠭ᠋ᠠᠳᠤ ᠠᠷᠠᠯᠵᠢᠶ᠎ᠠ ᠵᠢᠨ ᠨᠡᠮᠡᠭᠳᠡᠯ ᠠᠳᠠᠯᠢ ᠬᠤᠭᠤᠴᠠᠭ᠋ᠠᠨ᠎ᠤ᠎ᠬᠢ᠎ᠠᠴᠠ ᠎ᠨᠢ 30%᠎ᠠᠴᠠ ᠳᠡᠭᠡᠭᠰᠢ ᠪᠠᠢ᠌ᠵᠤ᠂ ᠪᠥᠬᠥ ᠵᠢᠯ᠎ᠤᠨ ᠭᠠᠳᠠᠭ᠋ᠠᠳᠤ ᠠᠷᠠᠯᠵᠢᠶ᠎ᠠ ᠵᠢᠨ ᠲᠣᠭᠲᠠᠭᠤᠨ᠎ᠤ ᠳᠤᠮᠳᠠ ᠰᠠᠢ᠌ᠵᠢᠷᠠᠬᠤ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠢ᠌ᠨ᠎ᠠ᠃ ᠠᠷᠠᠯᠵᠢᠶᠠᠨ᠎ᠤ ᠠᠷᠭ᠎ᠠ ᠬᠡᠯᠪᠡᠷᠢ᠎ᠠᠴᠠ ᠦᠵᠡᠪᠡᠯ᠂ ᠡᠩ᠎ᠤᠨ ᠠᠷᠠᠯᠵᠢᠶᠠᠨ᠎ᠤ ᠡᠵᠡᠯᠡᠬᠦ ᠬᠠᠷᠢᠴᠠᠯ ᠳᠡᠭᠡᠭᠰᠢᠯᠡᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠵᠢ ᠳᠠᠬᠢᠨ ᠵᠶ᠋ᠠᠷ ᠨᠡᠮᠡᠭᠳᠡᠭᠦᠯᠪᠡ᠃ ᠡᠭᠦᠨ᠎ᠳᠤ ᠡᠩ᠎ᠤᠨ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠬᠡᠮᠵᠢᠶ᠎ᠡ 469.9 ᠳ᠋ᠦᠩᠰᠢᠭᠤᠷ ᠲᠥᠭᠥᠷᠢᠭ᠎ᠲᠤ ᠬᠦᠷᠴᠦ᠂ 21.5%᠎ᠪᠠᠷ ᠨᠡᠮᠡᠭᠳᠡᠪᠡ᠃ ᠠᠳᠠᠯᠢ ᠬᠤᠭᠤᠴᠠᠭ᠋ᠠᠨ᠎ᠳᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠵᠢᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ 49.5 ᠳ᠋ᠦᠩᠰᠢᠭᠤᠷ ᠲᠥᠭᠥᠷᠢᠭ᠎ᠲᠤ ᠬᠦᠷᠴᠦ᠂ 113.1%᠎ᠪᠠᠷ ᠨᠡᠮᠡᠭᠳᠡᠪᠡ᠃ ᠭᠣᠣᠯ ᠪᠣᠯᠬᠤ ᠠᠷᠠᠯᠵᠢᠶᠠᠨ᠎ᠤ ᠬᠠᠨᠢᠲᠠᠨ᠎ᠠᠴᠠ ᠦᠵᠡᠪᠡᠯ᠂ ᠮᠠᠨ᠎ᠤ ᠣᠷᠣᠨ᠎ᠤ ᠮᠣᠩᠭᠣᠯ ᠤᠯᠤᠰ᠂ ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠣᠭ᠎ᠠ᠂ ᠡᠸᠦ᠋ᠷᠦᠫᠡ ᠲᠢᠪ᠎ᠤᠨ ᠤᠯᠤᠰ᠎ᠤᠳ᠎ᠤᠨ ᠬᠣᠯᠪᠣᠭ᠎ᠠ᠂ ᠠᠮᠧᠷᠢᠺᠠ᠎ᠳᠤ᠎ᠬᠢ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠲᠤᠰ ᠲᠤᠰ 170.2 ᠳ᠋ᠦᠩᠰᠢᠭᠤᠷ ᠲᠥᠭᠥᠷᠢᠭ᠂ 73.3 ᠳ᠋ᠦᠩᠰᠢᠭᠤᠷ ᠲᠥᠭᠥᠷᠢᠭ᠂ 46.8 ᠳ᠋ᠦᠩᠰᠢᠭᠤᠷ ᠲᠥᠭᠥᠷᠢᠭ᠂ 33.4 ᠳ᠋ᠦᠩᠰᠢᠭᠤᠷ ᠲᠥᠭᠥᠷᠢᠭ᠎ᠲᠤ ᠬᠦᠷᠴᠦ᠂ ᠲᠤᠰ ᠲᠤᠰ   14.6%᠂ 45.4%᠂ 54.3%᠂ 34.4%᠎ᠪᠠᠷ ᠨᠡᠮᠡᠭᠳᠡᠪᠡ᠃ 《ᠣᠷᠣᠨ ᠪᠦᠰᠡ ᠵᠢᠨ ᠪᠥᠬᠥ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ》 (RCEP) ᠵᠢᠩᠬᠢᠨᠢ᠎ᠪᠠᠷ ᠬᠦᠴᠦᠨ᠎ᠲᠠᠢ ᠪᠣᠯᠤᠭᠰᠠᠨ ᠬᠠᠭ᠋ᠠᠰ ᠵᠢᠯ᠎ᠤᠨ ᠬᠤᠭᠤᠴᠠᠭ᠋ᠠᠨ᠎ᠳᠤ᠂ ᠮᠠᠨ᠎ᠤ ᠣᠷᠣᠨ RCEP ᠵᠢᠨ ᠪᠤᠰᠤᠳ ᠪᠦᠷᠢᠯᠳᠦᠭᠦᠨ ᠤᠯᠤᠰ᠎ᠲᠤ 184.4 ᠳ᠋ᠦᠩᠰᠢᠭᠤᠷ ᠲᠥᠭᠥᠷᠢᠭ᠎ᠤᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠭᠠᠷᠭ᠋ᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 13.9%᠎ᠪᠠᠷ ᠨᠡᠮᠡᠭᠳᠡᠪᠡ᠃
   ᠡᠭᠦᠨ᠎ᠤ ᠬᠠᠮᠲᠤ᠂ ᠮᠠᠨ᠎ᠤ ᠣᠷᠣᠨ᠎ᠤ ᠭᠠᠳᠠᠭ᠋ᠠᠳᠤ ᠠᠷᠠᠯᠵᠢᠶ᠎ᠠ ᠵᠢᠨ ᠡᠵᠡᠩᠨᠡᠯᠲᠡ ᠵᠢᠨ ᠭᠣᠣᠯ ᠴᠣᠭᠴᠠ ᠵᠢᠨ ᠠᠮᠢᠵᠢᠷᠠᠯ᠎ᠤᠨ ᠬᠦᠴᠤᠨ ᠲᠠᠰᠤᠷᠠᠯᠳᠠ ᠦᠬᠡᠢ ᠲᠡᠭᠡᠭᠰᠢᠯᠡᠪᠡ᠃ ᠲᠦᠷᠤᠬᠦᠤ ᠬᠠᠭ᠋ᠠᠰ ᠵᠢᠯ ᠮᠠᠨ᠎ᠤ ᠣᠷᠣᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠪᠣᠳᠠᠲᠤ ᠠᠮᠵᠢᠯᠲᠠ᠎ᠲᠠᠢ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ 2011 ᠪᠣᠯᠪᠠ᠃ ᠡᠭᠦᠨ᠎ᠳᠤ᠂ ᠠᠷᠠᠳ᠎ᠤᠨ ᠡᠵᠡᠡᠭᠨᠡᠯᠳᠤ ᠠᠵᠤ ᠠᠬᠤᠢ᠌ᠯᠠᠯ᠎ᠤᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ 454.9 ᠳ᠋ᠦᠩᠰᠢᠭᠤᠷ ᠲᠥᠭᠥᠷᠢᠭ᠎ᠲᠤ ᠬᠦᠷᠴᠦ᠂ 22.3%᠎ᠪᠠᠷ ᠨᠡᠮᠡᠭᠳᠡᠪᠡ᠃ ᠠᠳᠠᠯᠢ ᠬᠤᠭᠤᠴᠠᠭ᠋ᠠᠨ᠎ᠳᠤ᠂ ᠤᠯᠤᠰ᠎ᠤᠨ  ᠦᠮᠴᠢᠯᠡᠯᠳᠤ ᠠᠵᠤ ᠠᠬᠤᠢ᠌ᠯᠠᠯ᠎ᠤᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ 170.7 ᠳ᠋ᠦᠩᠰᠢᠭᠤᠷ ᠲᠥᠭᠥᠷᠢᠭ᠎ᠲᠤ ᠬᠦᠷᠴᠦ᠂ 0.01%᠎ᠪᠠᠷ ᠨᠡᠮᠡᠭᠳᠡᠪᠡ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠢ᠌ᠯᠠᠯ᠎ᠤᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ 54.6 ᠳ᠋ᠦᠩᠰᠢᠭᠤᠷ ᠲᠥᠭᠥᠷᠢᠭ᠎ᠲᠤ ᠬᠦᠷᠴᠦ᠂ 48.8%᠎ᠪᠠᠷ ᠨᠡᠮᠡᠭᠳᠡᠪᠡ᠃ ᠪᠥᠬᠥ ᠣᠷᠣᠨ᠎ᠤ ᠡᠯ᠎ᠡ ᠠᠢ᠌ᠮᠠᠭ ᠬᠣᠲᠠ ᠵᠢᠨ ᠳᠣᠲᠣᠷ᠎ᠠ᠂ ᠪᠠᠶᠠᠨᠨᠠᠭᠤᠷ ᠬᠣᠲᠠ ᠵᠢᠨ ᠭᠠᠳᠠᠭ᠋ᠠᠳᠤ ᠠᠷᠠᠯᠵᠢᠶ᠎ᠠ ᠦᠷᠭᠦᠯᠵᠢᠯᠡᠨ ᠲᠡᠷᠢᠭᠦᠯᠡᠵᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠬᠡᠮᠵᠢᠶ᠎ᠡ 153.2 ᠳ᠋ᠦᠩᠰᠢᠭᠤᠷ ᠲᠥᠭᠥᠷᠢᠭ᠎ᠲᠤ ᠬᠦᠷᠴᠦ᠂ 54%᠎ᠪᠠᠷ ᠨᠡᠮᠡᠭᠳᠡᠨ᠂ ᠲᠡᠷᠢᠭᠦᠨ᠎ᠳᠤ ᠣᠷᠣᠪᠠ᠃ ᠪᠤᠭᠤᠲᠤ ᠬᠤᠳᠠ᠂ ᠬᠥᠬᠡᠬᠣᠲᠠ᠂ ᠣᠷᠳᠣᠰ ᠬᠤᠳᠠ 115.9 ᠳ᠋ᠦᠡᠭᠰᠢᠭᠤᠷ ᠲᠥᠭᠥᠷᠢᠭ᠂ 99.3  ᠳ᠋ᠦᠡᠭᠰᠢᠭᠤᠷ ᠲᠥᠭᠥᠷᠢᠭ᠂ 75.5  ᠳ᠋ᠦᠡᠭᠰᠢᠭᠤᠷ ᠲᠥᠭᠥᠷᠢᠭ ᠪᠠᠢ᠌ᠵᠤ᠂ ᠲᠤᠰ ᠲᠤᠰ 4.3%᠎ᠪᠠᠷ ᠪᠠᠭᠤᠷᠠᠵᠤ᠂ 19.3% ᠪᠠ 172.2%᠎ᠪᠠᠷ ᠨᠡᠮᠡᠭᠳᠡᠪᠡ᠃
   ᠭᠠᠳᠠᠭ᠋ᠠᠳᠤ᠎ᠳᠤ ᠭᠠᠷᠭ᠋ᠠᠬᠤ ᠭᠣᠣᠯ ᠲᠠᠸᠠᠷ᠎ᠤᠨ ᠲᠠᠯ᠎ᠠ᠎ᠪᠠᠷ᠂ ᠭᠠᠳᠠᠭ᠋ᠠᠳᠤ᠎ᠳᠤ ᠭᠠᠷᠭ᠋ᠠᠬᠰᠠᠨ ᠮᠧᠬᠠᠨᠢᠭ ᠡᠯᠧᠺᠲᠷᠣᠨ᠎ᠤ ᠦᠢ᠍ᠯᠡᠳᠬᠦᠨ 51.1 ᠳ᠋ᠦᠩᠰᠢᠭᠤᠷ ᠲᠥᠭᠥᠷᠢᠭ  ᠬᠦᠷᠴᠤ᠂ 68.8%᠎ᠪᠠᠷ  ᠨᠡᠮᠡᠭᠳᠡᠪᠡ᠃ ᠭᠠᠳᠠᠭ᠋ᠠᠳᠤ᠎ᠳᠤ 35.8 ᠳ᠋ᠦᠩᠰᠢᠭᠤᠷ ᠲᠥᠭᠥᠷᠢᠭ ᠦᠨᠳᠦᠰᠦᠨ ᠣᠷᠭ᠋ᠠᠨᠢᠭ ᠬᠢᠮᠢ ᠵᠢᠨ ᠪᠣᠳᠠᠰ ᠭᠠᠷᠭ᠋ᠠᠵᠤ ᠂ 32.1%᠎ᠪᠠᠷ  ᠨᠡᠮᠡᠭᠳᠡᠪᠡ᠃ ᠭᠠᠳᠠᠭ᠋ᠠᠳᠤ᠎ᠳᠤ 34.7 ᠳ᠋ᠦᠩᠰᠢᠭᠤᠷ ᠲᠥᠭᠥᠷᠢᠭ᠎ᠤᠨ ᠲᠠᠷᠢᠶᠠᠯᠠᠩ᠎ᠤᠨ ᠪᠦᠲᠦᠭᠡᠭᠳᠡᠬᠦᠨ ᠭᠠᠷᠭ᠋ᠠᠵᠤ᠂ 17%᠎ᠪᠠᠷ  ᠨᠡᠮᠡᠭᠳᠡᠪᠡ᠃ ᠭᠠᠳᠠᠭ᠋ᠠᠳᠤ᠎ᠠᠴᠠ ᠣᠷᠣᠭᠤᠯᠬᠤ ᠭᠣᠣᠯ ᠪᠣᠯᠬᠤ ᠲᠠᠸᠠᠷ᠎ᠤᠨ ᠲᠠᠯ᠎ᠠ᠎ᠪᠠᠷ᠂ ᠭᠠᠳᠠᠭ᠋ᠠᠳᠤ᠎ᠠᠴᠠ 92.4 ᠳ᠋ᠦᠩᠰᠢᠭᠤᠷ ᠲᠥᠭᠥᠷᠢᠭ ᠎ᠤᠨ ᠵᠡᠰ᠎ᠤᠨ ᠬᠦᠳᠡᠷ᠎ᠤᠨ ᠠᠭᠤᠷᠬᠠᠢ ᠤᠷᠤᠭᠤᠯᠵᠤ᠂ 4.2% ᠵᠢᠡᠷ ᠪᠠᠭᠤᠷᠠᠪᠠ᠃  ᠭᠠᠳᠠᠭ᠋ᠠᠳᠤ᠎ᠠᠴᠠ 78.6 ᠳ᠋ᠦᠩᠰᠢᠭᠤᠷ ᠲᠥᠭᠥᠷᠢᠭ᠎ᠤᠨ ᠨᠡᠭᠦᠷᠡᠰᠦ ᠤᠷᠤᠭᠤᠯᠵᠤ᠂ 79.2% ᠨᠡᠮᠡᠭᠳᠡᠪᠡ᠃ ᠭᠠᠳᠠᠭ᠋ᠠᠳᠤ᠎ᠠᠴᠠ 41 ᠳ᠋ᠦᠩᠰᠢᠭᠤᠷ ᠲᠥᠭᠥᠷᠢᠭ ᠲᠡᠮᠦᠷ᠎ᠤᠨ ᠬᠦᠳᠡᠷ᠎ᠤᠨ ᠠᠭᠤᠷᠬᠠᠢ  ᠤᠷᠤᠭᠤᠯᠵᠤ᠂ 40%᠎ᠪᠠᠷ ᠪᠠᠭᠤᠷᠠᠪᠠ᠃

 






 ᠄

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠣᠶᠤᠨᠲᠤ ᠡᠳ᠋ ᠪᠠᠷᠠᠭ᠋ᠠᠨ᠎ᠤ ᠭᠦᠢ᠍ᠯᠭᠡᠭᠡᠨ᠎ᠤ ᠨᠡᠭᠦᠷᠡᠰᠦᠲᠥ᠋ᠷᠥᠭᠴᠢ ᠵᠢ ᠰᠠᠭ᠋ᠠᠷᠮᠠᠬ᠍ᠵᠢᠭᠤᠯᠬᠤ ᠮᠡᠷᠭᠡᠵᠢᠯ᠎ᠤᠨ ᠰᠢᠨ᠎ᠡ ᠵᠢ ᠡᠭᠦᠳᠬᠦ ᠰᠤᠳᠤᠯᠭ᠋ᠠᠨ᠎ᠤ ᠬᠦᠷᠢᠶᠡᠯᠡᠩ᠎ᠤᠨ᠎ᠬᠢᠨ ᠪᠤᠭᠤᠲᠤ᠎ᠳᠤ ᠫᠠᠢ᠌ᠰᠠ᠎ᠪᠠᠨ ᠡᠯᠬᠦᠪᠡ
ᠵᠧᠩ ᠭᠤᠸᠠᠡᠭ ᠵᠤᠤ ᠬᠠᠤᠯᠢ ᠴᠠᠭ᠋ᠠᠵᠠ ᠵᠢᠨ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠢ ᠪᠠᠢ᠌ᠴᠠᠭ᠋ᠠᠨ ᠰᠤᠳᠤᠯᠬᠤ ᠎ᠳᠤ᠎ᠪᠠᠨ ᠴᠢᠬᠤᠯᠠᠴᠢᠯᠠᠭᠰᠠᠨ᠎ᠨᠢ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠭᠰᠡᠨ ᠪᠣᠳᠠᠲᠤ ᠦᠷ᠎ᠡ ᠪᠦᠲᠦᠮᠵᠢ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ
ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠠᠨᠳᠤᠰᠢ ᠡᠷᠴᠢᠳᠠᠢ᠂ ᠠᠵᠤ ᠦᠢ᠍ᠯᠡᠳᠪᠦᠷᠢ ᠵᠢᠨ ᠶᠠᠰᠤ ᠴᠢᠨᠠᠷ ᠲᠣᠭᠲᠠᠭᠤᠨ᠎ᠤ ᠳᠤᠮᠳᠠ ᠲᠡᠭᠡᠭᠰᠢᠯᠡᠵᠤ᠂ ᠥᠪᠥᠷ ᠮᠣᠩᠭᠣᠯ᠎ᠤᠨ ᠲᠦᠷᠦᠭᠦᠸ᠋ ᠬᠠᠭ᠋ᠠᠰ ᠵᠢᠯ᠎ᠤᠨ ᠠᠵᠤ ᠠᠬᠤᠢ ᠬᠢᠯᠠᠰ ᠴᠡᠭ ᠤᠯᠠᠨ ᠪᠠᠢ᠌ᠨ᠎ᠠ
ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠪᠠᠢ᠌ᠭᠤᠯᠤᠭᠳᠠᠭᠰᠠᠨ 70 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠨᠡᠢ᠌ᠬᠡᠮᠯᠢᠭ᠎ᠤᠨ ᠬᠣᠶᠠᠳᠤᠭ᠋ᠠᠷ ᠬᠤᠭᠤᠴᠠᠭ᠋ᠠᠨ᠎ᠤ ᠭᠡᠰᠢᠭᠦᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠬᠤᠷᠠᠯᠳᠤᠪᠠ
 
            