ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠨᠡᠢ᠌ᠬᠡᠮᠯᠢᠭ᠎ᠤᠨ ᠬᠣᠶᠠᠳᠤᠭ᠋ᠠᠷ ᠬᠤᠭᠤᠴᠠᠭ᠋ᠠᠨ᠎ᠤ ᠭᠡᠰᠢᠭᠦᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2022-08-12

ᠯᠢᠤ ᠸᠸᠢ ᠪᠠᠶᠠᠷ᠎ᠤᠨ ᠦᠬᠡ ᠬᠡᠯᠡᠵᠤ᠂ ᠴᠢ ᠪᠠᠳᠤ ᠨᠡᠢ᠌ᠬᠡᠮᠯᠢᠭ᠎ᠤᠨ ᠲᠠᠷᠤᠭ᠎ᠠ ᠪᠤᠯᠪᠠ

 

   8 ᠳ᠋ᠤᠭ᠋ᠠᠷ ᠰᠠᠷ᠎ᠠ ᠵᠢᠨ 12᠎ᠤᠨ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠬᠣᠶᠠᠳᠤᠭ᠋ᠠᠷ ᠬᠤᠭᠤᠴᠠᠭ᠋ᠠᠨ᠎ᠤ ᠭᠡᠰᠢᠭᠦᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠬᠥᠬᠡᠬᠣᠲᠠ᠎ᠳᠤ ᠬᠤᠷᠠᠯᠳᠤᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠬᠣᠶᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠨᠡᠢ᠌ᠬᠡᠮᠯᠢᠭ᠎ᠤᠨ ᠤᠳᠤᠷᠢᠳᠬᠤ ᠪᠠᠢ᠌ᠭᠤᠯᠤᠮᠵᠢ ᠵᠢᠨ᠎ᠬᠢᠨ᠎ᠢ ᠰᠤᠡᠭᠭᠤᠪᠠ᠃
   ᠳᠤᠮᠳᠠᠳᠤ ᠵᠢᠨ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠳᠡᠳ᠋ ᠳᠠᠷᠤᠭ᠎ᠠ ᠯᠢᠦ ᠸᠧᠢ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠬᠣᠶᠠᠳᠤᠭ᠋ᠠᠷ ᠬᠤᠭᠤᠴᠠᠭ᠋ᠠᠨ᠎ᠤ ᠬᠡᠷᠡᠭ ᠡᠷᠬᠢᠯᠡᠭᠴᠢᠳ᠎ᠤᠨ ᠨᠡᠢ᠌ᠬᠡᠮᠯᠢᠭ᠎ᠤᠨ ᠲᠠᠷᠤᠭ᠎ᠠ᠎ᠪᠠᠷ ᠰᠤᠡᠭᠭᠤᠬᠳᠠᠵᠠᠢ᠃
   ᠴᠢ ᠪᠠᠲᠤ ᠴᠢᠬᠤᠯᠠᠴᠢᠯᠠᠭᠰᠠᠨ᠎ᠨᠢ᠂ ᠰᠢᠨ᠎ᠡ ᠴᠠᠭ ᠦᠶ᠎ᠡ ᠵᠢᠨ ᠨᠢᠭᠦᠯᠡᠰᠦᠩᠭᠦᠢ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠪᠡᠶᠡᠯᠡᠭᠦᠯᠵᠦ᠂ ᠬᠠᠮᠢᠶᠠᠷᠤᠯᠲᠠ᠎ᠨᠢ ᠵᠢᠷᠤᠮᠵᠢᠭᠰᠠᠨ᠂ ᠠᠵᠢᠯᠯᠠᠭ᠋ᠠᠨ᠎ᠤ ᠲᠤᠰᠬᠠᠢ ᠮᠡᠷᠭᠡᠵᠢᠯ᠎ᠲᠠᠢ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠨᠢᠭᠡ ᠪᠦᠯᠦᠭ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢ ᠴᠢᠷᠮᠠᠢ᠌ᠨ ᠪᠣᠢ᠌ᠵᠢᠭᠤᠯᠵᠤ᠂ ᠴᠤᠭᠯᠠᠭᠤᠯᠬᠤ ᠬᠡᠷᠡᠭᠯᠡᠬᠦ ᠵᠢ ᠰᠠᠯᠭ᠋ᠠᠭᠰᠠᠨ᠂ ᠥᠨᠳᠥᠷ ᠪᠦᠲᠦᠮᠵᠢᠲᠡᠢ ᠰᠢᠯᠤᠭᠤᠨ᠂ ᠢᠯᠡ ᠲᠣᠳᠣ ᠠᠵᠢᠯᠯᠠᠭ᠋ᠠᠨ᠎ᠤ ᠲᠣᠭᠲᠠᠴᠠ ᠵᠢ ᠪᠠᠢ᠌ᠭᠤᠯᠵᠤ᠂ ᠵᠠᠰᠠᠭ᠎ᠤᠨ ᠣᠷᠳᠣᠨ᠎ᠠᠴᠠ ᠬᠢᠨᠠᠨ ᠬᠠᠮᠢᠶᠠᠷᠬᠤ᠂ ᠨᠡᠢ᠌ᠭᠡᠮ᠎ᠠᠴᠠ ᠬᠢᠨᠠᠯᠲᠠ ᠲᠠᠯᠪᠢᠬᠤ᠂ ᠠᠵᠢᠯ ᠲᠦᠷᠦᠯ᠎ᠤᠨ᠎ᠬᠢᠨ ᠥᠪᠡᠷ᠎ᠢ᠎ᠪᠠᠨ ᠱᠠᠭ᠋ᠠᠷᠳᠠᠬᠤ ᠵᠠᠰᠠᠯᠲᠠ ᠵᠢᠨ  ᠰᠢᠰᠲᠸᠮ᠎ᠢ ᠪᠠᠢ᠌ᠭᠤᠯᠵᠤ᠂ ᠤᠯᠠᠨ ᠵᠶ᠋ᠠᠷ ᠵᠶ᠋ᠠᠨ ᠣᠷᠣᠯᠴᠠᠭᠰᠠᠨ᠂ ᠡᠯ᠎ᠡ ᠲᠠᠯ᠎ᠠ ᠵᠢᠨ᠎ᠬᠢᠨ ᠳᠡᠮᠵᠢᠭᠰᠡᠨ  ᠨᠢᠭᠦᠯᠡᠰᠦᠩᠭᠦᠢ ᠵᠢᠨ ᠦᠢ᠍ᠯᠡᠰ ᠢᠷᠠᠭᠤ ᠠᠯᠳᠠᠷᠲᠠᠢ ᠨᠡᠢ᠌ᠭᠡᠮ᠎ᠤᠨ ᠠᠭᠤᠷ ᠠᠮᠢᠰᠬᠤᠯ᠎ᠢ ᠪᠦᠷᠢᠯᠳᠦᠭᠦᠯᠵᠦ᠂ ᠰᠢᠨ᠎ᠡ ᠴᠠᠭ ᠦᠶ᠎ᠡ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠳᠡᠢ᠃
   ᠬᠤᠷᠠᠯ ᠳᠡᠭᠡᠷ᠎ᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠨᠡᠢ᠌ᠬᠡᠮᠯᠢᠭ᠂ ᠳᠤᠮᠳᠠᠳᠤ ᠵᠢᠨ ᠣᠯᠠᠨ ᠤᠯᠤᠰ᠎ᠤᠨ ᠰᠢᠨᠵᠢᠯᠡᠬᠦ ᠤᠬᠠᠭ᠋ᠠᠨ᠎ᠤ ᠰᠣᠯᠢᠯᠴᠠᠭ᠋ᠠᠨ᠎ᠤ ᠰᠠᠭᠤᠷᠢ ᠮᠥᠩᠭᠥᠨ᠎ᠤ ᠨᠡᠢ᠌ᠭᠡᠮᠯᠢᠭ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ 《ᠪᠥᠬᠥ ᠠᠷᠠᠳ᠎ᠤᠨ ᠡᠷᠡᠭᠦᠯ ᠮᠡᠨᠳᠦ ᠵᠢᠨ ᠴᠡᠭ ᠲᠣᠭᠲᠠᠭ᠋ᠠᠨ ᠬᠠᠪᠰᠤᠷᠤᠨ ᠲᠡᠳᠬᠦᠬᠦ ᠲᠥᠷᠥᠯ ᠵᠦᠢ᠍ᠯ》 (ᠥᠪᠥᠷ ᠮᠣᠩᠭᠣᠯ)᠎ᠤᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠲᠤ ᠭᠠᠷ᠎ᠤᠨ ᠥᠰᠥᠭ ᠵᠢᠷᠤᠪᠠ᠃
    ᠣᠢ᠌ᠯᠠᠭ᠋ᠠᠭᠰᠠᠨ ᠵᠶ᠋ᠠᠷ᠂ 2009 ᠣᠨ᠎ᠠᠴᠠ 2021 ᠣᠨ᠎ᠤ ᠡᠴᠦᠰ ᠪᠣᠯᠲᠠᠯ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ ᠡᠮ ᠡᠮᠨᠡᠯᠭᠡ ᠵᠢ ᠲᠤᠰᠠᠯᠠᠬᠤ᠂ ᠰᠤᠷᠤᠯᠭ᠎ᠠ ᠵᠢ ᠲᠡᠳᠬᠦᠬᠦ᠂ ᠰᠤᠷᠭ᠋ᠠᠨ ᠬᠥᠮᠦᠵᠢᠯ᠎ᠢ ᠳᠡᠮᠵᠢᠬᠦ᠂ ᠶᠠᠳᠠᠭᠤ ᠵᠢ ᠲᠡᠳᠬᠦᠬᠦ᠂ ᠭᠠᠮᠰᠢᠭ᠎ᠠᠴᠠ ᠠᠪᠤᠷᠠᠬᠤ᠂ ᠨᠠᠰᠤᠲᠠᠨ᠎ᠢ ᠠᠮᠤᠷᠵᠢᠭᠤᠯᠬᠤ᠂ ᠥᠨᠥᠴᠢᠨ ᠬᠡᠦᠬᠡᠳ᠎ᠢ ᠲᠤᠰᠠᠯᠠᠬᠤ ᠵᠡᠷᠭᠡ ᠬᠦᠷᠢᠶᠡᠨ᠎ᠳᠤ ᠵᠠᠭᠤ ᠭᠠᠷᠤᠢ ᠨᠢᠭᠦᠯᠡᠰᠦᠩᠭᠦᠢ ᠵᠢᠨ ᠵᠦᠢ᠍ᠯᠡᠰ ᠪᠠ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠨᠢᠭᠦᠯᠡᠰᠦᠩᠭᠦᠢ ᠵᠢᠨ ᠬᠠᠨᠳᠢᠪ᠎ᠤᠨ ᠵᠣᠭᠣᠰ ᠪᠠ ᠪᠣᠳᠠᠰ 19.38 ᠳ᠋ᠦᠩᠰᠢᠭᠤᠷ ᠲᠥᠭᠥᠷᠢᠭ᠎ᠲᠤ ᠬᠦᠷᠴᠦ᠂ ᠬᠦᠴᠢᠷᠳᠡᠯᠲᠡᠢ ᠣᠯᠠᠨ ᠲᠦᠮᠡᠨ᠎ᠳᠤ 10 ᠲᠦᠮᠡ ᠭᠠᠷᠤᠢ ᠬᠥᠮᠥᠨ ᠤᠳᠠᠭ᠎ᠠ ᠠᠰᠢᠭ ᠬᠦᠷᠲᠡᠭᠡᠭᠰᠡᠨ ᠪᠠᠢ᠌ᠨ᠎ᠠ᠃




 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠮᠠᠨ᠎ᠤ ᠣᠷᠣᠨ ᠰᠤᠷᠤᠭᠴᠢᠳ᠎ᠢ ᠲᠤᠰᠠᠯᠠᠬᠤ ᠠᠵᠢᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭ᠋ᠠᠭᠤᠯᠬᠤ ᠵᠢ ᠴᠢᠡᠭᠭ᠋ᠠᠳᠬᠠᠵᠤ ᠪᠠᠢ᠌ᠨ᠎ᠠ
ᠠᠩᠬᠠᠳᠤᠭ᠋ᠠᠷ ᠬᠤᠭᠤᠴᠠᠭ᠋ᠠᠨ᠎ᠤ 《ᠥᠪᠥᠷ ᠮᠣᠩᠭᠣᠯ᠎ᠤᠨ ᠨᠢᠭᠦᠯᠡᠰᠦᠩᠭᠦᠢ ᠵᠢᠨ ᠱᠠᠩᠨᠠᠯ》᠎ᠢ ᠣᠯᠭᠣᠬᠤ ᠶᠣᠰᠣᠯᠠᠯ ᠶᠠᠪᠤᠭᠳᠠᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠬᠠᠮᠲᠤᠷᠠᠭᠰᠠᠨ ᠬᠤᠷᠠᠯ 2022 ᠣᠨ᠎ᠤ ᠬᠣᠶᠠᠳᠤᠭ᠋ᠠᠷ ᠤᠳᠠᠭ᠎ᠠ ᠵᠢᠨ ᠪᠦᠬᠦᠳᠠ (ᠥᠷᠭᠡᠳᠬᠡᠭᠰᠡᠨ) ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠤᠭᠤᠷᠢᠨ᠎ᠤ ᠲᠣᠪᠣᠢ᠌ᠮ᠎ᠠ ᠠᠰᠠᠭᠤᠳᠠᠯ ᠪᠠ ᠦᠬᠠᠢ ᠪᠤᠯᠤᠨ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠠᠵᠢᠯ᠎ᠤᠨ ᠸᠢᠳᠢᠤ᠋᠎ᠪᠠᠷ ᠲᠣᠬᠢᠷᠠᠭᠤᠯᠬᠤ ᠬᠤᠷᠠᠯ ᠬᠢᠪᠡ᠂ ᠵᠠᠩ ᠱᠤᠤ ᠴᠦᠨ ᠬᠤᠷᠠᠯ᠎ᠢ ᠡᠷᠬᠢᠯᠡᠵᠤ ᠶᠠᠷᠢᠶ᠎ᠠ ᠲᠠᠯᠪᠢᠵᠠᠢ
 
            