ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ ᠰᠤᠷᠤᠭᠴᠢᠳ᠎ᠢ ᠲᠤᠰᠠᠯᠠᠬᠤ ᠠᠵᠢᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭ᠋ᠠᠭᠤᠯᠬᠤ ᠵᠢ ᠴᠢᠡᠭᠭ᠋ᠠᠳᠬᠠᠵᠤ ᠪᠠᠢ᠌ᠨ᠎ᠠ
ᠨᠡᠶᠢᠲᠡᠯᠡᠭᠰᠡᠨ ᠴᠠᠭ᠄ 2022-08-18

    ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠬᠦᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠵᠢᠨ ᠲᠥᠯᠥᠭᠡ᠂ ᠮᠠᠨ᠎ᠤ ᠣᠷᠣᠨ ᠮᠠᠯᠵᠢᠬᠤ ᠲᠠᠷᠢᠶᠠᠯᠠᠬᠤ ᠣᠷᠣᠨ᠂ ᠲᠠᠷᠢᠶᠠᠯᠠᠩ᠎ᠳᠤ ᠬᠣᠯᠪᠣᠭᠳᠠᠬᠤ ᠳᠡᠭᠡᠳᠦ ᠰᠤᠷᠭ᠋ᠠᠭᠤᠯᠢ᠂ ᠲᠠᠷᠢᠶᠠᠯᠠᠩ᠎ᠳᠤ ᠬᠣᠯᠪᠣᠭᠳᠠᠬᠤ ᠲᠤᠰᠬᠠᠢ ᠮᠡᠷᠭᠡᠵᠢᠯ᠎ᠤᠨ ᠰᠣᠷᠣᠭᠴᠢ ᠵᠢ ᠲᠤᠰᠠᠯᠠᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠣᠷᠣᠢ᠌ᠯᠠᠭᠰᠠᠨ ᠰᠢᠨ᠎ᠡ ᠵᠢ ᠡᠭᠦᠳᠬᠦ᠂ ᠬᠠᠮ ᠬᠡᠷᠡᠭᠯᠡᠭᠡᠨ᠂ ᠬᠡᠷᠡᠭᠯᠡᠭᠡᠨ᠎ᠤ ᠤᠷ᠎ᠠ ᠴᠢᠳᠠᠪᠤᠷᠢ ᠵᠢᠨ ᠬᠡᠯᠪᠡᠷᠢ ᠵᠢᠨ ᠲᠠᠷᠢᠶᠠᠯᠠᠩ ᠣᠶ ᠰᠢᠭᠤᠢ ᠵᠢᠨ ᠴᠢᠳᠠᠪᠤᠷᠢᠲᠠᠨ᠎ᠢ  ᠲᠦᠷᠬᠡᠨ ᠬᠥᠮᠥᠵᠢᠭᠦᠯᠵᠦ᠂ ᠰᠤᠷᠭ᠋ᠠᠨ ᠬᠥᠮᠦᠵᠢᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠴᠢᠳᠠᠪᠤᠷᠢ ᠵᠢᠨ ᠲᠦᠪᠰᠢᠨ᠎ᠢ ᠲᠡᠭᠡᠭᠰᠢᠯᠡᠬᠦᠯᠵᠤ ᠪᠠᠢ᠌ᠨ᠎ᠠ᠃
   ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠰᠤᠷᠤᠭᠴᠢᠳ᠎ᠤᠨ ᠰᠢᠮ᠎ᠡ ᠲᠡᠵᠢᠭᠡᠯ᠎ᠢ ᠰᠠᠢ᠌ᠵᠢᠷᠠᠭᠤᠯᠬᠤ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠰᠢᠮ᠎ᠡ ᠲᠡᠵᠢᠭᠡᠯ᠎ᠤᠨ ᠪᠠᠢ᠌ᠳᠠᠯ ᠪᠠ ᠪᠡᠶ᠎ᠡ ᠮᠠᠬᠠᠪᠤᠳ᠎ᠤᠨ ᠬᠡᠪ ᠴᠢᠨᠠᠷ᠎ᠢ ᠦᠷᠬᠦᠯᠵᠢᠯᠡᠨ ᠰᠠᠢ᠌ᠵᠢᠷᠠᠭᠤᠯᠪᠠ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠠᠴᠠ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ᠎ᠲᠠᠢ ᠨᠢᠬᠡ᠂ ᠬᠣᠶᠠᠳᠤᠭ᠋ᠠᠷ ᠣᠨ᠎ᠤ ᠮᠠᠯᠵᠢᠬᠤ ᠲᠠᠷᠢᠶᠠᠯᠠᠬᠤ ᠣᠷᠣᠨ (ᠰᠢᠶᠠᠨ ᠪᠠᠯᠭ᠋ᠠᠰᠤ ᠪᠠᠭᠲᠠᠨ᠎ᠠ)᠎ᠤ ᠰᠤᠷᠭ᠋ᠠᠭᠤᠯᠢ᠎ᠳᠤ ᠪᠠᠢ᠌ᠭ᠎ᠠ ᠰᠣᠷᠣᠭᠴᠢ᠂ ᠬᠣᠲᠠ ᠵᠢᠨ ᠲᠠᠷᠢᠶᠠᠯᠠᠩ᠎ᠳᠤ ᠬᠣᠯᠪᠣᠭᠳᠠᠬᠤ ᠲᠤᠰᠬᠠᠢ ᠮᠡᠷᠭᠡᠵᠢᠯ᠎ᠤᠨ ᠰᠣᠷᠣᠭᠴᠢ᠎ᠳᠤ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢᠨ ᠳᠦᠷᠢᠮ᠎ᠢ ᠪᠠᠢ᠌ᠭᠤᠯᠵᠤ᠂ ᠰᠣᠷᠣᠭᠴᠢ  ᠪᠦᠷᠢ᠎ᠳᠤ ᠵᠢᠯ ᠪᠤᠯᠭ᠋ᠠᠨ 1500 — 2000 ᠲᠥᠭᠥᠷᠢᠭ᠎ᠤᠨ ᠪᠠᠷᠢᠮᠵᠢᠶ᠎ᠠ᠎ᠪᠠᠷ ᠵᠣᠭᠣᠰ ᠮᠥᠩᠭᠥ᠎ᠪᠠᠷ ᠲᠤᠰᠠᠯᠠᠨ᠎ᠠ᠃ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ᠂ ᠵᠣᠷᠢᠭᠵᠢᠭᠤᠯᠬᠤ ᠰᠤᠷᠤᠯᠭ᠎ᠠ ᠵᠢᠨ ᠱᠠᠩᠨᠠᠯ᠎ᠤᠨ ᠮᠥᠩᠭᠥ᠂ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢᠨ ᠣᠷᠣᠨ ᠲᠣᠭ᠎ᠠ ᠵᠢᠨ ᠬᠤᠪᠢᠶᠠᠷᠢᠯᠠᠯᠲᠠ ᠵᠢᠨ ᠲᠠᠯ᠎ᠠ᠎ᠪᠠᠷ᠂ ᠲᠠᠷᠢᠶᠠᠯᠠᠩ ᠣᠶ ᠰᠢᠭᠤᠢ ᠵᠡᠷᠭᠡ ᠰᠢᠨᠵᠢᠯᠡᠭᠡᠨ᠎ᠤ ᠲᠤᠰᠬᠠᠢ ᠮᠡᠷᠭᠡᠵᠢᠯ ᠵᠶ᠋ᠡᠷ ᠭᠣᠣᠯ ᠪᠣᠯᠭ᠋ᠠᠭᠰᠠᠨ ᠳᠡᠭᠡᠳᠦ ᠰᠤᠷᠭ᠋ᠠᠭᠤᠯᠢ ᠵᠢ ᠵᠤᠬᠢᠬᠤ ᠬᠡᠮᠵᠢᠶ᠎ᠡ᠎ᠪᠠᠷ ᠬᠠᠷᠠᠭ᠋ᠠᠯᠵᠠᠪᠠ᠃
   2021 ᠣᠨ᠎ᠳᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠦᠨᠳᠦᠰᠦᠨ ᠱᠠᠲᠤᠨ᠎ᠤ ᠠᠵᠢᠯ ᠣᠯᠭᠣᠯᠲᠠ ᠵᠢᠨ ᠰᠤᠷᠤᠯᠭ᠎ᠠ ᠵᠢᠨ ᠰᠦᠢ᠍ᠳᠬᠡᠯ᠎ᠳᠤ ᠨᠥᠬᠥᠪᠦᠷᠢ ᠥᠭᠬᠦ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠣᠷᠣᠯᠠᠨ ᠳᠥᠯᠥᠬᠦ ᠲᠥᠷᠥ ᠵᠢᠨ ᠪᠣᠳᠣᠯᠭ᠎ᠠ ᠵᠢ ᠨᠡᠢ᠌ᠲᠡᠯᠡᠵᠦ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠷᠬᠡᠰᠢᠶᠡᠯᠲᠡᠢ ᠬᠢᠯᠢ ᠬᠢᠵᠠᠭ᠋ᠠᠷ ᠣᠷᠣᠨ᠎ᠤ ᠦᠨᠳᠦᠰᠦᠨ ᠱᠠᠲᠤᠨ᠎ᠤ  ᠨᠢᠬᠡᠴᠢ᠎ᠳᠤ ᠠᠵᠢᠯᠯᠠᠬᠤ ᠵᠢ ᠬᠥᠲᠥᠯᠥᠨ ᠵᠢᠯᠤᠭᠣᠳᠬᠤ ᠪᠠ ᠵᠣᠷᠢᠭᠵᠢᠭᠤᠯᠵᠤ᠂ ᠦᠨᠳᠦᠰᠦᠨ ᠱᠠᠲᠤᠨ᠎ᠤ ᠴᠢᠳᠠᠪᠤᠷᠢᠲᠠᠨ᠎ᠤ ᠡᠩᠨᠡᠭᠡ ᠵᠢᠨ ᠪᠦᠲᠦᠴᠡ ᠵᠢ ᠰᠠᠢ᠌ᠵᠢᠷᠠᠭᠤᠯᠤᠨ᠂ ᠬᠣᠲᠠ ᠬᠥᠳᠡᠭᠡ ᠪᠠ ᠣᠷᠣᠨ ᠪᠦᠰᠡ ᠵᠢᠨ ᠠᠵᠤ ᠠᠬᠤᠢ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠪᠠ᠃








 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠩᠬᠠᠳᠤᠭ᠋ᠠᠷ ᠬᠤᠭᠤᠴᠠᠭ᠋ᠠᠨ᠎ᠤ 《ᠥᠪᠥᠷ ᠮᠣᠩᠭᠣᠯ᠎ᠤᠨ ᠨᠢᠭᠦᠯᠡᠰᠦᠩᠭᠦᠢ ᠵᠢᠨ ᠱᠠᠩᠨᠠᠯ》᠎ᠢ ᠣᠯᠭᠣᠬᠤ ᠶᠣᠰᠣᠯᠠᠯ ᠶᠠᠪᠤᠭᠳᠠᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠬᠠᠮᠲᠤᠷᠠᠭᠰᠠᠨ ᠬᠤᠷᠠᠯ 2022 ᠣᠨ᠎ᠤ ᠬᠣᠶᠠᠳᠤᠭ᠋ᠠᠷ ᠤᠳᠠᠭ᠎ᠠ ᠵᠢᠨ ᠪᠦᠬᠦᠳᠠ (ᠥᠷᠭᠡᠳᠬᠡᠭᠰᠡᠨ) ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠤᠭᠤᠷᠢᠨ᠎ᠤ ᠲᠣᠪᠣᠢ᠌ᠮ᠎ᠠ ᠠᠰᠠᠭᠤᠳᠠᠯ ᠪᠠ ᠦᠬᠠᠢ ᠪᠤᠯᠤᠨ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠠᠵᠢᠯ᠎ᠤᠨ ᠸᠢᠳᠢᠤ᠋᠎ᠪᠠᠷ ᠲᠣᠬᠢᠷᠠᠭᠤᠯᠬᠤ ᠬᠤᠷᠠᠯ ᠬᠢᠪᠡ᠂ ᠵᠠᠩ ᠱᠤᠤ ᠴᠦᠨ ᠬᠤᠷᠠᠯ᠎ᠢ ᠡᠷᠬᠢᠯᠡᠵᠤ ᠶᠠᠷᠢᠶ᠎ᠠ ᠲᠠᠯᠪᠢᠵᠠᠢ
ᠦᠪᠤᠷ ᠮᠤᠩᠭᠤᠯ ᠤᠯᠠᠨ ᠠᠷᠭ᠎ᠠ᠎ᠪᠠᠷ ᠶᠠᠳᠠᠭᠤ᠎ᠠᠴᠠ ᠠᠡᠭᠬᠢᠵᠢᠷᠠᠬᠰᠠᠳ ᠪᠤᠯᠤᠨ ᠲᠠᠬᠢᠨ ᠶᠠᠳᠠᠭᠤᠷᠠᠵᠤ ᠮᠡᠳᠡᠬᠦ ᠬᠦᠮᠦᠰ᠎ᠲᠤ ᠠᠵᠢᠯ ᠤᠯᠭᠤᠨ ᠤᠷᠤᠯᠭ᠎ᠠ ᠵᠢ᠎ᠨᠢ ᠨᠡᠮᠡᠭᠳᠡᠬᠦᠯᠵᠤ ᠪᠠᠢ᠌ᠨ᠎ᠠ
ᠮᠨᠨ᠎ᠤ ᠣᠷᠣᠨ ᠰᠢᠨ᠎ᠡ᠎ᠪᠠᠷ ᠪᠠᠢ᠌ᠭᠤᠯᠬᠤ ᠬᠤᠷᠢᠶᠠᠯᠠᠯ᠎ᠳᠤ ᠨᠠᠰᠤᠵᠢᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠪᠠᠶ᠋ᠢᠭᠤᠯᠬᠤ ᠠᠵᠢᠯ᠎ᠢ ᠶᠡᠬᠡ᠎ᠪᠠᠷ ᠠᠬᠢᠭᠤᠯᠵᠤ ᠪᠠᠢ᠌ᠨ᠎ᠠ
 
            