ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠦᠬᠦ ᠣᠷᠣᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2022-08-18

ᠬᠤᠸᠠᠩ ᡁᠢ ᠴᠢᠶᠠᠩ ᠶᠠᠷᠢᠶ᠎ᠠ ᠲᠠᠯᠪᠢᠵᠤ ᠪᠦᠦ ᠰᠢᠶᠠᠨ ᠬᠤᠸᠠ ᠵᠧᠩ ᠭᠤᠸᠠᠩ ᠵᠤᠤ ᠬᠤᠷᠠᠯ᠎ᠳᠤ ᠣᠷᠣᠯᠴᠠᠵᠠᠢ
     8 ᠰᠠᠷ᠎ᠠ ᠵᠢᠨ 16᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠯᠤᠭᠣᠳᠬᠤ ᠭᠠᠵᠠᠷ᠎ᠤᠨ᠎ᠬᠢᠨ ᠪᠦᠬᠦ ᠣᠷᠣᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠬᠢᠵᠢᠭ᠎ᠤᠨ ᠪᠠᠢ᠌ᠳᠠᠯ ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ  ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠢ᠌ᠯᠡᠵᠦ ᠬᠠᠮᠲᠤᠷᠠᠨ ᠡᠵᠡᠮᠳᠡᠬᠦ ᠲᠣᠭᠲᠠᠴᠠ ᠵᠢᠨ ᠨᠡᠢ᠌ᠭᠡᠮᠯᠢᠭ ᠪᠠ ᠬᠤᠳᠠᠯᠳᠤᠭ᠋ᠠᠨ᠎ᠤ ᠡᠪᠯᠡᠯ᠎ᠤᠨ ᠠᠵᠢᠯ ᠎ᠤᠨ ᠡᠭᠦᠷᠭᠡ ᠵᠢ ᠨᠠᠢ᠌ᠳᠠᠪᠤᠷᠢᠵᠢᠭᠤᠯᠤᠨ᠂ ᠪᠦᠬᠦ ᠤᠯᠤᠰ᠎ᠤᠨ ᠬᠢᠵᠢᠭ᠎ᠤᠨ ᠪᠠᠢ᠌ᠳᠠᠯ ᠎ᠢ ᠨᠠᠪᠲᠠᠷᠡᠭᠦᠯᠵᠦ᠂ ᠣᠳᠣᠬᠠᠨ ᠎ᠤ ᠪᠦᠬᠦ ᠣᠷᠣᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ ᠎ᠢ ᠲᠠᠬᠢᠨᠳᠠ ᠪᠠᠢ᠌ᠷᠢᠯᠠᠭᠤᠯᠪᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠥᠬᠥ ᠤᠯᠤᠰ᠎ᠤᠨ ᠬᠢᠵᠢᠭ᠎ᠤᠨ ᠪᠠᠢ᠌ᠳᠠᠯ᠎ᠤᠨ ᠪᠠᠢ᠌ᠳᠠᠯ᠎ᠢ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠧᠩ ᠭᠤᠸᠠᠩ ᠵᠤᠤ ᠬᠤᠷᠠᠯ᠎ᠳᠤ ᠣᠷᠣᠯᠴᠠᠵᠠᠢ᠃
   ᠬᠤᠸᠠᠩ ᡁᠢ ᠴᠢᠶᠠᠩ ᠬᠡᠯᠡᠬᠦ᠎ᠳᠤ᠎ᠪᠠᠨ᠂ ᠣᠳᠣᠬᠠᠨ᠎ᠳᠤ ᠮᠠᠨ᠎ᠤ ᠣᠷᠣᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ  ᠠᠵᠢᠯ ᠮᠥᠨ ᠬᠦ᠌ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠢ᠌ᠨ᠎ᠠ᠂ ᠡᠯ᠎ᠡ ᠵᠦᠢ᠍ᠯ᠎ᠤᠨ ᠰᠡᠷᠭᠡᠢ᠌ᠯᠡᠨ ᠡᠵᠡᠮᠳᠡᠬᠦ ᠠᠷᠭ᠎ᠠ ᠵᠢ  ᠴᠠᠭ ᠮᠥᠴᠡ ᠠᠯᠳᠠᠯ ᠦᠭᠡᠢ᠎ᠪᠠᠷ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠢ ᠬᠠᠮᠤᠭ᠎ᠤᠨ ᠣᠬᠣᠷ ᠬᠤᠭᠤᠴᠠᠭ᠋ᠠᠨ᠎ᠳᠤ ᠲᠤᠢ᠌ᠯᠪᠤᠷᠢᠲᠠᠢ ᠡᠵᠡᠮᠳᠡᠬᠦ᠎ᠪᠠᠷ ᠴᠢᠷᠮᠠᠢ᠌ᠬᠤ ᠬᠡᠷᠡᠭᠲᠡᠢ᠃ ᠡᠭᠦᠨ᠎ᠤ ᠬᠠᠮᠳᠤ 《ᠬᠢᠵᠢᠭ᠎ᠤᠨ ᠪᠠᠢ᠌ᠳᠠᠯ᠎ᠢ ᠰᠡᠷᠭᠡᠢ᠌ᠯᠡᠬᠦ᠂ ᠠᠵᠤ ᠠᠬᠤᠢ ᠵᠢ ᠲᠣᠭᠲᠠᠪᠤᠷᠢᠵᠢᠭᠤᠯᠬᠤ᠂ ᠬᠥᠭᠵᠢᠯᠲᠡ ᠵᠢ ᠠᠮᠤᠷ ᠲᠦᠪᠰᠢᠨ ᠪᠠᠢ᠌ᠯᠭ᠋ᠠᠬᠤ》 ᠴᠢᠬᠤᠯᠠ ᠱᠠᠭ᠋ᠠᠷᠳᠠᠯᠭ᠎ᠠ ᠵᠢ ᠡᠷᠡᠰ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠵᠢ ᠥᠨᠳᠥᠷ ᠪᠦᠲᠦᠮᠵᠢᠲᠡᠶ᠎ᠪᠠᠷ ᠨᠢᠭᠡᠳᠦᠯᠲᠡᠢ ᠲᠥᠯᠥᠪᠯᠡᠵᠦ᠂ 《ᠬᠠᠭ᠋ᠠᠰ ᠵᠢᠯ᠎ᠳᠤ ᠲᠣᠭᠲᠠᠭᠤᠨ ᠪᠠᠢ᠌ᠯᠭ᠋ᠠᠬᠤ》 ᠰᠠᠭᠤᠷᠢᠨ ᠳᠡᠭᠡᠷ᠎ᠡ 《ᠪᠦᠬᠦ ᠵᠢᠯ᠎ᠳᠤ ᠲᠣᠭᠲᠠᠭᠤᠨ ᠪᠠᠢ᠌ᠯᠭ᠋ᠠᠬᠤ》 ᠵᠢ ᠦᠨᠡᠨ ᠬᠦ᠌ ᠪᠠᠲᠤᠯᠠᠬᠤ ᠬᠡᠷᠡᠭᠲᠡᠢ᠃
   ᠬᠤᠷᠠᠯ ᠳᠡᠭᠡᠷ᠎ᠡ ᠬᠥᠬᠡᠬᠣᠲᠠ᠂ ᠤᠯᠠᠭ᠋ᠠᠨᠴᠠᠪ᠎ᠤᠨ ᠣᠢ᠌ᠷ᠎ᠠ ᠵᠢᠨ ᠬᠤᠭᠤᠴᠠᠭ᠋ᠠᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠪᠠᠢ᠌ᠳᠠᠯ ᠪᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠳᠡᠭᠡᠳᠦ ᠰᠤᠷᠭ᠋ᠠᠭᠤᠯᠢ ᠵᠢᠨ ᠬᠢᠵᠢᠭ᠎ᠤᠨ ᠪᠠᠢ᠌ᠳᠠᠯ᠎ᠢ ᠰᠢᠢ᠍ᠳᠪᠦᠷᠢᠯᠡᠵᠦ ᠰᠡᠷᠭᠡᠢ᠌ᠯᠡᠨ ᠡᠵᠡᠮᠳᠡᠭᠰᠡᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠤᠨᠤᠰᠤᠬᠰᠠᠨ ᠪᠦᠬᠡᠳ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠯᠤᠭᠣᠳᠬᠤ ᠭᠠᠵᠠᠷ᠎ᠤᠨ ᠡᠮᠴᠢᠯᠡᠭᠡᠨ᠎ᠤ ᠰᠡᠷᠭᠡᠢ᠌ᠯᠡᠨ ᠡᠵᠡᠮᠳᠡᠬᠦ ᠳᠤᠭᠤᠢ᠌ᠯᠠᠩ᠎ᠤᠨ᠎ᠬᠢᠨ ᠣᠢ᠌ᠷ᠎ᠠ ᠵᠢᠨ ᠬᠤᠭᠤᠴᠠᠭ᠋ᠠᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠷᠢᠯᠠᠭᠤᠯᠪᠠ᠃

 


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠰᠤᠷᠤᠭᠴᠢᠳ᠎ᠢ ᠲᠤᠰᠠᠯᠠᠬᠤ ᠠᠵᠢᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭ᠋ᠠᠭᠤᠯᠬᠤ ᠵᠢ ᠴᠢᠡᠭᠭ᠋ᠠᠳᠬᠠᠵᠤ ᠪᠠᠢ᠌ᠨ᠎ᠠ
ᠠᠩᠬᠠᠳᠤᠭ᠋ᠠᠷ ᠬᠤᠭᠤᠴᠠᠭ᠋ᠠᠨ᠎ᠤ 《ᠥᠪᠥᠷ ᠮᠣᠩᠭᠣᠯ᠎ᠤᠨ ᠨᠢᠭᠦᠯᠡᠰᠦᠩᠭᠦᠢ ᠵᠢᠨ ᠱᠠᠩᠨᠠᠯ》᠎ᠢ ᠣᠯᠭᠣᠬᠤ ᠶᠣᠰᠣᠯᠠᠯ ᠶᠠᠪᠤᠭᠳᠠᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠬᠠᠮᠲᠤᠷᠠᠭᠰᠠᠨ ᠬᠤᠷᠠᠯ 2022 ᠣᠨ᠎ᠤ ᠬᠣᠶᠠᠳᠤᠭ᠋ᠠᠷ ᠤᠳᠠᠭ᠎ᠠ ᠵᠢᠨ ᠪᠦᠬᠦᠳᠠ (ᠥᠷᠭᠡᠳᠬᠡᠭᠰᠡᠨ) ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠤᠭᠤᠷᠢᠨ᠎ᠤ ᠲᠣᠪᠣᠢ᠌ᠮ᠎ᠠ ᠠᠰᠠᠭᠤᠳᠠᠯ ᠪᠠ ᠦᠬᠠᠢ ᠪᠤᠯᠤᠨ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠠᠵᠢᠯ᠎ᠤᠨ ᠸᠢᠳᠢᠤ᠋᠎ᠪᠠᠷ ᠲᠣᠬᠢᠷᠠᠭᠤᠯᠬᠤ ᠬᠤᠷᠠᠯ ᠬᠢᠪᠡ᠂ ᠵᠠᠩ ᠱᠤᠤ ᠴᠦᠨ ᠬᠤᠷᠠᠯ᠎ᠢ ᠡᠷᠬᠢᠯᠡᠵᠤ ᠶᠠᠷᠢᠶ᠎ᠠ ᠲᠠᠯᠪᠢᠵᠠᠢ
ᠦᠪᠤᠷ ᠮᠤᠩᠭᠤᠯ ᠤᠯᠠᠨ ᠠᠷᠭ᠎ᠠ᠎ᠪᠠᠷ ᠶᠠᠳᠠᠭᠤ᠎ᠠᠴᠠ ᠠᠡᠭᠬᠢᠵᠢᠷᠠᠬᠰᠠᠳ ᠪᠤᠯᠤᠨ ᠲᠠᠬᠢᠨ ᠶᠠᠳᠠᠭᠤᠷᠠᠵᠤ ᠮᠡᠳᠡᠬᠦ ᠬᠦᠮᠦᠰ᠎ᠲᠤ ᠠᠵᠢᠯ ᠤᠯᠭᠤᠨ ᠤᠷᠤᠯᠭ᠎ᠠ ᠵᠢ᠎ᠨᠢ ᠨᠡᠮᠡᠭᠳᠡᠬᠦᠯᠵᠤ ᠪᠠᠢ᠌ᠨ᠎ᠠ
 
            