ᠴᠢ ᠪᠠᠲᠤ ᠱᠠᠩᠨᠠᠯ ᠭᠠᠷᠳᠠᠭᠤᠯᠪᠠ
8 ᠳ᠋ᠤᠭ᠋ᠠᠷ ᠰᠠᠷ᠎ᠠ ᠵᠢᠨ 22᠎ᠤᠨ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠭᠣᠣᠯᠯᠠᠨ ᠡᠷᠭᠢᠯᠡᠭᠰᠡᠨ 《ᠨᠢᠬᠦᠯᠡᠰᠤᠡᠭᠭᠦᠢ ᠵᠢ ᠡᠷᠬᠢᠮᠯᠡᠬᠦ ᠰᠢᠳᠤᠷᠭᠤ ᠠᠶᠠᠨ》 ᠠᠩᠬᠠᠳᠤᠭ᠋ᠠᠷ ᠬᠤᠭᠤᠴᠠᠭ᠋ᠠᠨ᠎ᠤ 《ᠥᠪᠥᠷ ᠮᠣᠩᠭᠣᠯ᠎ᠤᠨ ᠨᠢᠭᠦᠯᠡᠰᠦᠩᠭᠦᠢ ᠵᠢᠨ ᠱᠠᠩᠨᠠᠯ》᠎ᠤᠨ ᠱᠠᠩᠨᠠᠯ ᠣᠯᠭᠣᠬᠤ ᠶᠣᠰᠣᠯᠠᠯ ᠬᠥᠬᠡᠬᠣᠲᠠ᠎ᠳᠤ ᠶᠠᠪᠤᠭᠳᠠᠵᠤ᠂ 2017 ᠣᠨ᠎ᠠᠴᠠ 2021 ᠣᠨ ᠪᠣᠯᠲᠠᠯ᠎ᠠ ᠮᠠᠨ᠎ᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠬᠥᠭᠵᠢᠯᠲᠡ᠎ᠳᠤ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ 28 ᠠᠵᠤ ᠠᠬᠤᠢ᠌ᠯᠠᠯ᠂ ᠲᠥᠷᠥᠯ ᠵᠦᠢ᠍ᠯ᠂ ᠪᠦᠯᠬᠦᠮ ᠨᠡᠢ᠌ᠳᠡ ᠪᠠ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ ᠬᠤᠷᠠᠯ᠎ᠳᠤ ᠣᠷᠣᠯᠴᠠᠵᠤ ᠱᠠᠩᠨᠠᠯ ᠭᠠᠷᠳᠠᠭᠤᠯᠵᠠᠢ᠃
ᠠᠩᠬᠠᠳᠤᠭ᠋ᠠᠷ ᠬᠤᠭᠤᠴᠠᠭ᠋ᠠᠨ᠎ᠤ 《ᠥᠪᠥᠷ ᠮᠣᠩᠭᠣᠯ᠎ᠤᠨ ᠨᠢᠭᠦᠯᠡᠰᠦᠩᠭᠦᠢ ᠵᠢᠨ ᠱᠠᠩᠨᠠᠯ》᠎ᠨᠢ ᠨᠢᠭᠦᠯᠡᠰᠦᠩᠭᠦᠢ ᠵᠢᠨ ᠰᠣᠶᠣᠯ᠎ᠢ ᠤᠯᠠᠮᠵᠢᠯᠠᠨ ᠲᠡᠯᠬᠡᠷᠡᠬᠦᠯᠵᠤ᠂ ᠨᠢᠭᠦᠯᠡᠰᠦᠩᠭᠦᠢ ᠵᠢᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠨᠢᠭᠦᠯᠡᠰᠦᠩᠭᠦᠢ ᠵᠢᠨ ᠬᠠᠮ ᠬᠦᠴᠦᠨ᠎ᠢ ᠪᠦᠷᠢᠯᠳᠤᠬᠦᠯᠬᠦ ᠵᠢᠨ ᠲᠦᠯᠦᠬᠡ ᠶᠤᠮ᠃ ᠲᠣᠰ ᠤᠳᠠᠭ᠋ᠠᠨ᠎ᠤ ᠰᠢᠯᠭ᠋ᠠᠷᠠᠭᠤᠯᠤᠯᠳᠠ᠎ᠳᠤ ᠡᠷᠡᠮᠡᠯᠵᠡᠯᠡᠬᠦ᠂ ᠰᠦᠯᠵᠢᠶ᠎ᠡ᠎ᠪᠠᠷ ᠤᠨᠤᠭ᠎ᠠ ᠥᠭᠬᠦ᠂ ᠰᠢᠯᠭ᠋ᠠᠷᠠᠭᠤᠯᠬᠤ ᠺᠣᠮᠢᠰ᠎ᠤᠨ ᠬᠢᠨᠠᠨ ᠵᠥᠪᠯᠡᠬᠦ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ᠂ ᠨᠡᠢ᠌ᠭᠡᠮ ᠨᠡᠶ᠋ᠢᠲᠡ᠎ᠳᠤ ᠵᠠᠷᠯᠠᠬᠤ ᠲᠠᠰ ᠳᠠᠷᠠᠭ᠋ᠠᠯᠠᠯ ᠵᠶ᠋ᠠᠷ ᠬᠠᠮᠤᠭ ᠡᠴᠦᠰ᠎ᠲᠤ 28 ᠬᠥᠬᠢᠭᠦᠯᠦᠭᠳᠡᠬᠦ ᠡᠲᠡᠭᠡᠳ᠎ᠢ ᠲᠣᠭᠲᠠᠭ᠋ᠠᠭᠰᠠᠨ ᠪᠠᠢ᠌ᠨ᠎ᠠ᠃ ᠡᠭᠦᠨ᠎ᠳᠤ᠂ ᠥᠪᠥᠷ ᠮᠣᠩᠭᠣᠯ᠎ᠤᠨ ᠭᠤᠸᠠᠩ ᠨᠠ ᠨᠡᠭᠦᠷᠡᠰᠦᠨ᠎ᠤ ᠦᠢ᠍ᠯᠡᠰ᠎ᠤᠨ ᠪᠦᠯᠦᠭᠯᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠶᠡᠷᠦᠩᠬᠡᠢ ᠵᠠᠬᠢᠷᠤᠯ ᠸᠠᠩ ᠼᠠᠢ ᠷᠦᠩ ᠵᠡᠷᠭᠡ ᠭᠤᠷᠪᠠᠨ ᠬᠦᠮᠦᠨ 《ᠬᠠᠨᠳᠢᠪ ᠡᠷᠬᠦᠭᠰᠡᠨ ᠬᠤᠪᠢ ᠬᠥᠮᠥᠨ᠎ᠤ ᠱᠠᠩᠨᠠᠯ》᠎ᠢ ᠭᠥᠷᠳᠡᠪᠡ᠃ ᠥᠪᠥᠷ ᠮᠣᠩᠭᠣᠯ᠎ᠤᠨ 《ᠬᠡᠬᠡᠨ ᠠᠶᠠᠯᠠᠯ》 ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠡᠷᠭᠡ 5 ᠲᠥᠷᠥᠯ ᠵᠦᠢ᠍ᠯ 《ᠨᠢᠭᠦᠯᠡᠰᠦᠩᠭᠦᠢ ᠵᠢᠨ ᠲᠥᠷᠥᠯ ᠵᠦᠢ᠍ᠯ᠎ᠤᠨ ᠱᠠᠩᠨᠠᠯ》᠎ᠢ ᠭᠥᠷᠳᠡᠪᠡ᠃ ᠥᠪᠥᠷ ᠮᠣᠩᠭᠣᠯ᠎ᠤᠨ ᠾᠦᠢ ᠨᠧᠩ ᠨᠡᠭᠦᠷᠡᠰᠦ ᠴᠠᠬᠢᠯᠭ᠋ᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠡᠷᠭᠡ 10 ᠠᠵᠤ ᠠᠬᠤᠢ᠌ᠯᠠᠯ 《ᠬᠠᠨᠳᠢᠪ ᠡᠷᠬᠦᠭᠰᠡᠨ ᠠᠵᠤ ᠠᠬᠤᠢ᠌ᠯᠠᠯ᠎ᠤᠨ ᠱᠠᠩᠨᠠᠯ》᠎ᠢ ᠭᠥᠷᠳᠡᠪᠡ᠃ 《ᠤᠮᠠᠷᠠᠲᠤ ᠵᠢᠨ ᠬᠦᠬᠡ ᠲᠦᠯᠤ》 ᠰᠠᠢ᠌ᠨ ᠲᠤᠷᠠᠴᠤᠤᠯ᠎ᠤᠨ ᠦᠢ᠍ᠯᠡᠴᠢᠯᠡᠭᠡᠨ᠎ᠤ ᠠᠩᠭᠢ ᠵᠡᠷᠭᠡ 10 ᠪᠦᠯᠬᠦᠮ ᠪᠠ ᠬᠤᠪᠢ ᠬᠥᠮᠥᠨ 《ᠨᠢᠭᠦᠯᠡᠰᠦᠩᠭᠦᠢ ᠵᠢᠨ ᠳᠠᠭᠤᠷᠢᠶᠠᠯ᠎ᠤᠨ ᠱᠠᠩᠨᠠᠯ》᠎ᠢ ᠬᠦᠷᠳᠡᠯ᠎ᠡ᠃
ᠣᠢ᠌ᠷ᠎ᠠ ᠵᠢᠨ ᠵᠢᠯ ᠮᠠᠨ᠎ᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ ᠲᠦᠷᠭᠡᠨ ᠬᠥᠭᠵᠢᠵᠦ᠂ ᠨᠡᠢ᠍ᠢ᠍ᠳᠡ 900 ᠭᠠᠷᠤᠢ ᠨᠢᠭᠦᠯᠡᠰᠦᠩᠭᠦᠢ ᠵᠢᠨ ᠲᠦᠷᠦᠯ ᠵᠦᠢ᠍ᠯ᠎ᠢ ᠬᠡᠷᠡᠭᠵᠢᠭᠦᠯᠵᠦ᠂ 7.7 ᠳ᠋ᠦᠩᠰᠢᠭᠤᠷ ᠭᠠᠷᠤᠢ ᠲᠥᠭᠥᠷᠢᠭ᠎ᠤᠨ ᠨᠢᠭᠦᠯᠡᠰᠦᠩᠭᠦᠢ ᠵᠢᠨ ᠵᠣᠭᠣᠰ ᠮᠥᠩᠭᠥ ᠡᠳ᠋ ᠪᠣᠳᠠᠰ ᠴᠤᠭᠯᠠᠭᠤᠯᠵᠤ᠂ 86 ᠲᠦᠮᠡ ᠭᠠᠷᠤᠢ ᠬᠦᠴᠢᠷᠳᠡᠯᠲᠡᠢ ᠤᠯᠠᠨ ᠲᠦᠮᠡᠨ᠎ᠢ ᠴᠠᠭ ᠲᠤᠬᠠᠢᠳᠤᠨᠢ ᠲᠡᠳᠬᠦᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠬᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠳᠤ ᠬᠦᠴᠦ ᠨᠡᠮᠡᠷᠢᠯᠡᠬᠦ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢ ᠴᠢᠩᠭ᠋ᠠᠳᠬᠠᠬᠤ᠂ ᠬᠠᠮᠳᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠦᠵᠡᠬᠦᠯᠦᠭᠰᠡᠨ ᠪᠠᠢ᠌ᠨ᠎ᠠ᠃