ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠬᠠᠮᠲᠤᠷᠠᠭᠰᠠᠨ ᠬᠤᠷᠠᠯ 2022 ᠣᠨ᠎ᠤ ᠬᠣᠶᠠᠳᠤᠭ᠋ᠠᠷ ᠤᠳᠠᠭ᠎ᠠ ᠵᠢᠨ ᠪᠦᠬᠦᠳᠠ (ᠥᠷᠭᠡᠳᠬᠡᠭᠰᠡᠨ) ᠬᠤᠷᠠᠯ᠎ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄ 2022-08-19

ᠳ᠋ᠢᠩ ᠰᠢᠸ᠋ ᠹᠸᠡᠭ ᠶᠠᠷᠢᠶ᠎ᠠ ᠲᠠᠯᠪᠢᠵᠤ᠂ ᠵᠧᠩ ᠭᠤᠸᠠᠩ ᠵᠤᠤ ᠬᠤᠷᠠᠯ᠎ᠢ ᠡᠷᠬᠢᠯᠡᠪᠡ
 
 

   8 ᠳ᠋ᠤᠭ᠋ᠠᠷ ᠰᠠᠷ᠎ᠠ ᠵᠢᠨ 18᠎ᠤ ᠡᠳᠦᠷ᠎ᠤᠨ ᠦᠳᠡ ᠵᠢᠨ ᠬᠣᠢ᠌ᠨ᠎ᠠ᠂ ᠪᠥᠬᠥ ᠣᠷᠣᠨ᠎ᠤ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠬᠠᠮᠲᠤᠷᠠᠭᠰᠠᠨ ᠬᠤᠷᠠᠯ᠎ᠤᠨ 2022 ᠣᠨ᠎ᠤ ᠬᠣᠶᠠᠳᠤᠭ᠋ᠠᠷ ᠤᠳᠠᠭ᠋ᠠᠨ᠎ᠤ ᠪᠥᠬᠥᠳᠡ (ᠥᠷᠭᠡᠳᠬᠡᠭᠰᠡᠨ) ᠬᠤᠷᠠᠯ ᠪᠤᠯᠤᠨ ᠬᠠᠤᠯᠢ ᠴᠠᠭ᠋ᠠᠵᠠ ᠪᠠ ᠵᠠᠷᠭᠤ᠎ᠳᠤ ᠬᠣᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠵᠢᠨ ᠵᠦᠢ᠍ᠯᠡᠰ᠎ᠢ ᠰᠢᠢ᠍ᠳᠪᠦᠷᠢᠯᠡᠬᠦ 《ᠵᠠᠭᠤᠨ ᠡᠳᠦᠷ᠎ᠤᠨ ᠪᠤᠭᠤᠮᠳᠠ ᠰᠢᠪᠳᠤᠯᠬᠤ》 ᠠᠵᠢᠯᠯᠠᠭ᠎ᠠ ᠵᠢ ᠠᠬᠢᠭᠤᠯᠬᠤ ᠬᠤᠷᠠᠯ ᠬᠥᠬᠡᠬᠣᠲᠠ᠎ᠳᠤ ᠸᠢᠳᠢᠤ᠋᠎ᠪᠠᠷ ᠬᠤᠷᠠᠯᠳᠤᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠤᠯᠤᠰ ᠲᠦᠷᠦ ᠬᠠᠤᠯᠢ ᠴᠠᠭ᠋ᠠᠵᠠ ᠵᠢᠨ ᠬᠣᠷᠢᠶ᠎ᠠ ᠵᠢᠨ ᠱᠦᠵᠢ ᠳ᠋ᠢᠩ ᠰᠢᠸ᠋ ᠹᠸᠡᠭ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠬᠠᠮᠤᠭ᠎ᠤᠨ ᠥᠨᠳᠥᠷ ᠪᠠᠷᠢᠮᠵᠢᠶ᠎ᠠ᠂ ᠬᠠᠮᠤᠭ᠎ᠤᠨ ᠴᠢᠩᠭ᠎ᠠ ᠱᠠᠭ᠋ᠠᠷᠳᠠᠯᠭ᠎ᠠ᠂ ᠬᠠᠮᠤᠭ᠎ᠤᠨ ᠶᠡᠬᠡ ᠡᠷᠴᠢᠮ᠂ ᠬᠠᠮᠤᠭ᠎ᠤᠨ ᠪᠣᠳᠠᠲᠠᠢ ᠰᠤᠷᠲᠠᠯ ᠵᠶ᠋ᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠢ᠌ᠭᠡᠮ᠎ᠤᠨ ᠣᠷᠴᠢᠨ ᠲᠣᠭᠣᠷᠢᠨ᠎ᠢ ᠪᠤᠢ  ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠵᠧᠩ ᠭᠤᠸᠠᠩ ᠵᠤᠤ ᠬᠤᠷᠠᠯ᠎ᠢ ᠡᠷᠭᠢᠯᠡᠪᠡ᠃
    ᠳ᠋ᠢᠩ ᠰᠢᠸ᠋ ᠹᠸᠡᠭ ᠴᠢᠬᠤᠯᠠᠴᠢᠯᠠᠬᠰᠠᠨ᠎ᠨᠢ᠂ ᠵᠠᠬᠢᠳᠠᠯ ᠰᠣᠷᠪᠤᠯᠵᠢᠯᠠᠭ᠎ᠠ ᠵᠢᠨ ᠠᠵᠢᠯ ᠪᠣᠯ ᠤᠯᠠᠨ ᠲᠦᠮᠡᠨ᠎ᠤ ᠬᠦᠷᠭᠡᠵᠦ ᠢᠷᠡᠭᠰᠡᠨ ᠠᠵᠢᠯ ᠪᠣᠯᠣᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠵᠠᠬᠢᠳᠠᠯ ᠰᠣᠷᠪᠤᠯᠵᠢᠯᠠᠭ᠎ᠠ ᠵᠢᠨ ᠠᠵᠢᠯ ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠤᠢ ᠪᠣᠯᠭ᠋ᠠᠵᠤ᠂ ᠤᠯᠠᠨ ᠲᠦᠮᠡᠨ᠎ᠤ 《ᠪᠠᠴᠢᠮᠳᠠᠯ ᠲᠤᠯᠭ᠋ᠠᠮᠳᠠᠯ ᠬᠦᠴᠢᠷᠳᠡᠯ ᠵᠤᠪᠠᠨᠢᠯ》᠎ᠢ ᠴᠠᠭ ᠲᠤᠬᠠᠢ᠎ᠳᠤ᠎ᠨᠢ ᠰᠠᠢ᠌ᠲᠤᠷ ᠰᠢᠢ᠍ᠳᠪᠦᠷᠢᠯᠡᠵᠦ᠂ ᠤᠯᠠᠨ ᠲᠦᠮᠡᠨ᠎ᠤ ᠠᠰᠢᠭ ᠲᠤᠰᠠ ᠵᠢ ᠬᠠᠮᠠᠭ᠋ᠠᠯᠠᠬᠤ ᠬᠡᠷᠡᠭᠲᠡᠢ᠃ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠨ  ᠴᠢᠩᠭ᠋ᠠᠳᠬᠠᠵᠤ᠂ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠵᠠᠳᠠᠯᠤᠨ ᠰᠤᠳᠤᠯᠵᠤ ᠮᠠᠭ᠋ᠠᠳᠯᠠᠬᠤ ᠵᠢ ᠴᠢᠩᠭ᠋ᠠᠳᠬᠠᠵᠤ᠂ ᠵᠥᠷᠢᠴᠡᠯ᠎ᠢ ᠪᠠᠢ᠌ᠴᠠᠭ᠋ᠠᠨ ᠨᠠᠮᠳᠠᠭᠤᠯᠬᠤ᠂ ᠠᠶᠤᠯ ᠲᠦᠭᠰᠢᠭᠦᠷᠢ ᠵᠢᠨ ᠭᠡᠮ ᠰᠣᠭᠣᠭ᠎ᠢ ᠰᠡᠷᠭᠡᠢ᠌ᠯᠡᠬᠦ᠂ ᠨᠢᠭᠤᠴᠠ ᠮᠡᠳᠡᠭᠡ ᠵᠢ ᠵᠠᠳᠠᠯᠤᠨ ᠰᠤᠳᠤᠯᠵᠤ ᠮᠠᠭ᠋ᠠᠳᠯᠠᠬᠤ᠂ ᠪᠠᠴᠢᠮ᠎ᠢ  ᠠᠷᠭ᠋ᠠᠴᠠᠭ᠋ᠠᠨ ᠰᠢᠢ᠍ᠳᠪᠦᠷᠢᠯᠡᠬᠦ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠳᠠᠬᠢᠨᠲᠠ ᠠᠩᠬᠠᠷᠤᠯ ᠵᠶ᠋ᠠᠨ ᠲᠥᠪᠯᠡᠷᠡᠭᠦᠯᠵᠦ᠂  ᠲᠠᠬᠢᠨᠳᠠ ᠬᠦᠴᠦᠯᠡᠵᠦ᠂ ᠲᠠᠬᠢᠨᠳᠠ ᠳᠡᠭᠡᠭᠰᠢᠯᠡᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠠᠬᠢᠳᠠᠯ ᠰᠣᠷᠪᠤᠯᠵᠢᠯᠠᠭ᠎ᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ᠃ ᠬᠠᠤᠯᠢ ᠴᠠᠭ᠋ᠠᠵᠠ᠎ᠳᠤ ᠬᠣᠯᠪᠣᠭᠳᠠᠭᠰᠠᠨ᠂ ᠵᠠᠷᠭᠤ᠎ᠳᠤ ᠬᠣᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠵᠢᠨ ᠵᠦᠢ᠍ᠯᠡᠰ᠎ᠢ ᠰᠢᠢ᠍ᠳᠪᠦᠷᠢᠯᠡᠬᠦ 《ᠵᠠᠭᠤᠨ ᠡᠳᠦᠷ᠎ᠤᠨ ᠪᠣᠭᠣᠮᠲᠠ ᠰᠢᠪᠲᠤᠯᠬᠤ》 ᠠᠵᠢᠯᠯᠠᠭ᠎ᠠ ᠵᠢ ᠬᠦᠴᠦᠲᠡᠢ ᠠᠬᠢᠭᠤᠯᠵᠤ᠂ ᠤᠯᠠᠨ ᠠᠷᠭ᠎ᠠ ᠵᠢ  ᠵᠡᠷᠬᠡ᠎ᠪᠠᠷ ᠬᠡᠷᠡᠭᠵᠢᠭᠦᠯᠬᠦ᠂ ᠬᠠᠤᠯᠢ ᠵᠦᠢ ᠪᠠ ᠪᠠᠢ᠌ᠳᠠᠯ᠎ᠢ ᠵᠡᠷᠬᠡ᠎ᠪᠠᠷ ᠬᠡᠷᠡᠭᠯᠡᠬᠦ ᠵᠢ ᠪᠠᠷᠢᠮᠲᠠᠯᠠᠵᠤ᠂ ᠬᠠᠤᠯᠢ ᠴᠠᠭ᠋ᠠᠵᠠ ᠵᠢᠨ ᠬᠡᠷᠡᠭ ᠪᠣᠯᠭ᠋ᠠᠨ᠎ᠠᠴᠠ ᠠᠷᠠᠳ ᠤᠯᠠᠨ᠎ᠳᠤ  ᠲᠥᠪ ᠭᠣᠣᠯᠴᠢ ᠰᠢᠳᠤᠷᠭᠤ ᠶᠣᠰᠣ ᠵᠢ ᠮᠡᠳᠡᠷᠡᠭᠦᠯᠬᠦ᠎ᠪᠠᠷ ᠴᠢᠷᠮᠠᠢ᠌ᠬᠤ ᠬᠡᠷᠡᠭᠲᠡᠢ᠃

 




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠤᠭᠤᠷᠢᠨ᠎ᠤ ᠲᠣᠪᠣᠢ᠌ᠮ᠎ᠠ ᠠᠰᠠᠭᠤᠳᠠᠯ ᠪᠠ ᠦᠬᠠᠢ ᠪᠤᠯᠤᠨ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠠᠵᠢᠯ᠎ᠤᠨ ᠸᠢᠳᠢᠤ᠋᠎ᠪᠠᠷ ᠲᠣᠬᠢᠷᠠᠭᠤᠯᠬᠤ ᠬᠤᠷᠠᠯ ᠬᠢᠪᠡ᠂ ᠵᠠᠩ ᠱᠤᠤ ᠴᠦᠨ ᠬᠤᠷᠠᠯ᠎ᠢ ᠡᠷᠬᠢᠯᠡᠵᠤ ᠶᠠᠷᠢᠶ᠎ᠠ ᠲᠠᠯᠪᠢᠵᠠᠢ
ᠦᠪᠤᠷ ᠮᠤᠩᠭᠤᠯ ᠤᠯᠠᠨ ᠠᠷᠭ᠎ᠠ᠎ᠪᠠᠷ ᠶᠠᠳᠠᠭᠤ᠎ᠠᠴᠠ ᠠᠡᠭᠬᠢᠵᠢᠷᠠᠬᠰᠠᠳ ᠪᠤᠯᠤᠨ ᠲᠠᠬᠢᠨ ᠶᠠᠳᠠᠭᠤᠷᠠᠵᠤ ᠮᠡᠳᠡᠬᠦ ᠬᠦᠮᠦᠰ᠎ᠲᠤ ᠠᠵᠢᠯ ᠤᠯᠭᠤᠨ ᠤᠷᠤᠯᠭ᠎ᠠ ᠵᠢ᠎ᠨᠢ ᠨᠡᠮᠡᠭᠳᠡᠬᠦᠯᠵᠤ ᠪᠠᠢ᠌ᠨ᠎ᠠ
ᠮᠨᠨ᠎ᠤ ᠣᠷᠣᠨ ᠰᠢᠨ᠎ᠡ᠎ᠪᠠᠷ ᠪᠠᠢ᠌ᠭᠤᠯᠬᠤ ᠬᠤᠷᠢᠶᠠᠯᠠᠯ᠎ᠳᠤ ᠨᠠᠰᠤᠵᠢᠯ᠎ᠤᠨ ᠦᠢ᠍ᠯᠡᠴᠢᠯᠡᠭᠡᠨ᠎ᠤ ᠲᠥᠬᠦᠭᠡᠷᠦᠮᠵᠢ ᠪᠠᠶ᠋ᠢᠭᠤᠯᠬᠤ ᠠᠵᠢᠯ᠎ᠢ ᠶᠡᠬᠡ᠎ᠪᠠᠷ ᠠᠬᠢᠭᠤᠯᠵᠤ ᠪᠠᠢ᠌ᠨ᠎ᠠ
ᠦᠪᠦᠷ ᠮᠤᠩᠭᠤᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠦᠪᠡᠷᠲᠡᠭᠡᠨ ᠵᠠᠰᠠᠬᠤ ᠤᠷᠤᠨ᠎ᠤ ᠦᠨᠳᠦᠰᠦᠨ ᠱᠠᠲᠤᠨ᠎ᠤ ᠨᠡᠢ᠌ᠭᠡᠮ᠎ᠤᠨ ᠠᠵᠢᠯ᠎ᠤᠨ ᠲᠦᠮᠡᠨ ᠴᠢᠳᠠᠪᠤᠷᠢᠲᠠᠨ ᠎ᠢ ᠬᠦᠮᠦᠵᠢᠭᠦᠯᠬᠦ ᠲᠦᠯᠦᠪᠯᠡᠯᠭᠡ ᠵᠢ ᠬᠡᠷᠡᠭᠵᠢᠬᠦᠯᠵᠤ ᠪᠠᠢ᠌ᠨ᠎ᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠥᠪᠡᠰᠦᠪᠡᠨ ᠪᠠᠷᠢᠭᠰᠠᠨ ᠭᠡᠷ ᠪᠠᠢ᠌ᠰᠢᠩ᠎ᠤᠨ ᠠᠶᠤᠯᠬᠦᠢ ᠵᠢᠨ ᠲᠤᠰᠬᠠᠢ ᠴᠡᠭᠴᠡᠯᠡᠯᠳᠡ ᠵᠢ ᠪᠡᠬᠢᠵᠢᠬᠦᠯᠬᠦ ᠠᠵᠢᠯ᠎ᠢ ᠪᠠᠢ᠌ᠷᠢᠯᠠᠭᠤᠯᠪᠠ
 
            