8 ᠳ᠋ᠤᠭ᠋ᠠᠷ ᠰᠠᠷ᠎ᠠ ᠵᠢᠨ 24᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠤᠷᠠᠯ ᠬᠤᠷᠠᠯᠳᠤᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠪᠠ ᠦᠬᠠᠢ ᠪᠣᠯᠤᠨ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠠᠵᠢᠯ᠎ᠢ ᠪᠠᠢ᠌ᠷᠢᠯᠠᠭᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠠᠩ ᠱᠣᠸ᠋ ᠴᠦᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠷᠠᠯ᠎ᠠᠴᠠ ᠴᠢᠬᠤᠯᠠᠴᠢᠯᠠᠬᠰᠠᠨ᠎ᠨᠢ᠂ ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠡᠪᠬᠡᠮᠡᠯ ᠲᠤᠰᠢᠶᠠᠬᠤ ᠤᠬᠠᠮᠰᠠᠷ᠂ ᠲᠠᠩᠰᠠ ᠲᠤᠰᠢᠶᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠦᠴᠦᠲᠡᠢ ᠠᠷᠭ᠎ᠠ᠎ᠪᠠᠷ ᠬᠠᠳᠤᠨ ᠭᠣᠣᠯ᠎ᠤᠨ ᠰᠠᠪᠠ ᠭᠠᠵᠠᠷ ᠪᠣᠯᠣᠨ ᠦᠬᠠᠢ ᠪᠤᠯᠤᠨ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠠᠵᠢᠯ᠎ᠢ ᠴᠢᠷᠮᠠᠢ᠌ᠨ ᠰᠠᠢ᠌ᠲᠤᠷ ᠠᠳᠬᠤᠬᠤ ᠬᠡᠷᠡᠭᠲᠡᠢ᠃ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠵᠦ ᠬᠣᠯᠪᠤᠭ᠋ᠠᠯᠠᠨ ᠵᠠᠰᠠᠬᠤ ᠵᠢ ᠴᠢᠩᠭ᠋ᠠᠳᠬᠠᠵᠤ᠂ ᠭᠣᠣᠯ᠎ᠤᠨ ᠬᠡᠪᠡᠯᠢ ᠵᠢ ᠵᠠᠰᠠᠬᠤ᠂ ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ᠂ ᠲᠣᠭᠲᠠᠭ᠋ᠠᠯ᠎ᠠᠴᠠ ᠵᠥᠷᠢᠴᠡᠨ ᠤᠰᠤ ᠲᠠᠲᠠᠵᠤ ᠤᠰᠤ ᠬᠡᠷᠡᠭᠯᠡᠬᠦ᠂ ᠲᠠᠷᠢᠶᠠᠯᠠᠩ᠎ᠤᠨ ᠣᠯᠠᠨ ᠡᠬᠢᠲᠦ ᠪᠣᠬᠢᠷᠳᠤᠯ ᠵᠡᠷᠭᠡ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠲᠦᠷᠭᠡᠨ ᠰᠢᠢ᠍ᠳᠪᠦᠷᠢᠯᠡᠵᠦ᠂ ᠲᠦᠷᠦ ᠵᠢᠨ ᠪᠣᠳᠣᠯᠭ᠎ᠠ ᠵᠢ ᠤᠨᠢᠨ ᠳᠡᠭᠡᠷ᠎ᠡ᠎ᠨᠢ ᠬᠡᠷᠡᠭᠵᠢᠭᠦᠯᠵᠦ ᠪᠠᠢ᠌ᠭ᠋ᠠᠳ ᠦᠬᠠᠢ ᠪᠤᠯᠤᠨ ᠡᠷᠬᠢᠨ ᠲᠣᠭᠣᠷᠢᠨ᠎ᠤ ᠭᠠᠵᠠᠷ ᠣᠷᠣᠨ᠎ᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠪᠣᠯᠣᠨ ᠠᠭᠤᠷᠬᠠᠢ ᠵᠢᠨ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢ ᠠᠬᠢᠭᠤᠯᠵᠤ᠂ ᠭᠣᠣᠯᠳᠠᠯᠭ᠎ᠠ᠎ᠲᠠᠢ ᠰᠠᠪᠠ ᠭᠠᠵᠠᠷ᠂ ᠭᠣᠣᠯᠳᠠᠯᠭ᠎ᠠ᠎ᠲᠠᠢ ᠭᠠᠵᠠᠷ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠨᠡᠨ ᠬᠦ᠌ ᠰᠠᠢ᠌ᠵᠢᠷᠠᠭᠤᠯᠵᠤ᠂ ᠪᠣᠳᠠᠲᠤ ᠠᠵᠢᠯᠯᠠᠭ᠎ᠠ ᠪᠣᠯᠣᠨ ᠠᠵᠢᠯ᠎ᠤᠨ ᠦᠷ᠎ᠡ ᠪᠦᠲᠦᠮᠵᠢ᠎ᠪᠠᠷ ᠵᠶ᠋ᠡᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ᠃