ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠧᠩ ᠭᠤᠸᠠᠡᠭ ᠵᠤᠤ ᠬᠠᠤᠯᠢ ᠴᠠᠭ᠋ᠠᠵᠠ ᠵᠢᠨ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠢ ᠪᠠᠢ᠌ᠴᠠᠭ᠋ᠠᠨ ᠰᠤᠳᠤᠯᠬᠤ ᠎ᠳᠤ᠎ᠪᠠᠨ ᠴᠢᠬᠤᠯᠠᠴᠢᠯᠠᠭᠰᠠᠨ᠎ᠨᠢ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠭᠰᠡᠨ ᠪᠣᠳᠠᠲᠤ ᠦᠷ᠎ᠡ ᠪᠦᠲᠦᠮᠵᠢ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ
ᠨᠡᠶᠢᠲᠡᠯᠡᠭᠰᠡᠨ ᠴᠠᠭ᠄ 2022-08-03

   8 ᠳ᠋ᠤᠭ᠋ᠠᠷ ᠰᠠᠷ᠎ᠠ ᠵᠢᠨ 2᠎ᠤᠨ ᠡᠳᠦᠷ᠂  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠵᠧᠩ ᠭᠤᠸᠠᠩ ᠵᠤᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂ ᠵᠠᠬᠢᠳᠠᠯ ᠰᠣᠷᠪᠤᠯᠵᠢᠯᠠᠭ᠎ᠠ ᠵᠢᠨ ᠲᠣᠪᠴᠢᠶ᠎ᠠ᠎ᠳᠤ ᠬᠦᠷᠴᠦ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠎ᠠ ᠪᠠ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠣᠭᠣᠳᠪᠠ᠃
    ᠵᠧᠩ ᠭᠤᠸᠠᠩ ᠲᠣᠣ ᠨᠠᠷ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠥᠪᠥᠷ ᠮᠣᠩᠭᠣᠯ᠎ᠤᠨ 《12348》 ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠢ᠌ᠡᠭᠭᠤ ᠵᠢᠨ ᠤᠲᠠᠰᠤ᠂ ᠬᠠᠤᠯᠢᠵᠢᠯ᠎ᠤᠨ ᠤᠬᠠᠭᠤᠯᠭ᠎ᠠ᠂ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠪᠣᠯᠣᠨ ᠵᠠᠬᠢᠳᠠᠯ ᠰᠣᠷᠪᠤᠯᠵᠢᠯᠠᠭ᠎ᠠ ᠵᠢ ᠸᠢᠳᠢᠤ᠋ ᠎ᠪᠠᠷ ᠲᠣᠬᠢᠷᠠᠭᠤᠯᠬᠤ᠂ ᠰᠣᠷᠪᠤᠯᠵᠢᠯᠠᠭ᠎ᠠ ᠵᠢ   ᠭᠥᠯᠢᠶᠡᠨ ᠠᠪᠬᠤ᠂ ᠵᠠᠬᠢᠳᠠᠯ ᠴᠢᠮᠡᠭᠡ ᠰᠢᠢ᠍ᠳᠪᠦᠷᠢᠯᠡᠬᠦ᠂ ᠰᠦᠯᠵᠢᠶᠡᠨ᠎ᠤ ᠵᠠᠬᠢᠳᠠᠯ ᠰᠣᠷᠪᠤᠯᠵᠢᠯᠠᠭ᠎ᠠ ᠵᠡᠷᠭᠡ ᠠᠵᠢᠯ᠎ᠢ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠰᠤᠳᠤᠯᠵᠤ᠂ ᠶᠠᠷᠢᠯᠴᠠᠬᠤ ᠬᠤᠷᠠᠯ ᠬᠤᠷᠠᠯᠳᠤᠭᠤᠯᠵᠤ ᠪᠠᠭ᠎ᠤᠨ ᠪᠦᠷᠢᠯᠳᠦᠭᠦᠨ ᠪᠣᠯᠣᠨ ᠺᠠᠳ᠋ᠷᠴᠤᠳ᠎ᠲᠠᠢ ᠶᠠᠷᠢᠯᠴᠠᠨ ᠰᠣᠯᠢᠯᠴᠠᠪᠠ᠃
   ᠵᠧᠩ ᠭᠤᠸᠠᠩ ᠵᠤᠤ ᠱᠠᠭ᠋ᠠᠷᠳᠠᠬᠰᠠᠨ᠎ᠨᠢ᠂ ᠤᠯᠤᠰ ᠲᠥᠷᠥ ᠵᠢᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠵᠣᠭᠰᠣᠴᠠ᠎ᠪᠠᠨ ᠳᠡᠭᠡᠭᠰᠢᠯᠡᠭᠦᠯᠵᠦ᠂ ᠶᠡᠬᠡ ᠲᠠᠯ᠎ᠠ᠎ᠳᠤ ᠦᠢ᠍ᠯᠡᠴᠢᠯᠡᠵᠦ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ᠎ᠤᠨ ᠰᠢᠨ᠎ᠡ ᠵᠢ ᠡᠭᠦᠳᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠥᠭᠵᠢᠯᠲᠡ ᠵᠢ ᠠᠬᠢᠭᠤᠯᠵᠤ᠂ ᠭᠣᠣᠯᠳᠠᠯᠭ᠎ᠠ ᠵᠢᠨ ᠲᠣᠭᠣᠷᠢᠨ᠎ᠳᠤ ᠭᠣᠣᠯ ᠬᠠᠷᠢᠭᠤᠴᠠᠯᠭ᠎ᠠ ᠭᠣᠣᠯ ᠠᠵᠢᠯ ᠵᠶ᠋ᠠᠨ ᠡᠭᠦᠷᠭᠡᠯᠡᠵᠦ᠂ ᠲᠥᠪ ᠭᠣᠣᠯᠴᠢ ᠰᠢᠳᠤᠷᠭᠤ ᠶᠣᠰᠣ ᠵᠢ ᠪᠠᠲᠤ ᠰᠠᠬᠢᠵᠤ᠂ ᠣᠷᠣᠨ ᠵᠶ᠋ᠠᠨ ᠪᠦᠬᠦ ᠲᠠᠯ᠎ᠠ᠎ᠪᠠᠷ ᠬᠠᠤᠯᠢ᠎ᠪᠠᠷ ᠵᠠᠰᠠᠬᠤ  ᠂ ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ  ᠰᠢᠰᠲᠸᠮ᠎ᠤᠨ ᠪᠠᠢ᠌ᠭᠤᠯᠤᠯᠲᠠ ᠵᠡᠷᠭᠡ ᠲᠠᠯ᠎ᠠ ᠵᠢᠨ ᠰᠢᠨ᠎ᠡ ᠦᠷ᠎ᠡ ᠪᠦᠲᠦᠮᠵᠢ᠎ᠪᠠᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ  ᠴᠢᠨᠠᠷᠯᠢᠭ ᠬᠥᠭᠵᠢᠯᠲᠡ᠎ᠳᠤ  ᠴᠢᠷᠮᠠᠢ᠌ᠨ ᠦᠢ᠍ᠯᠡᠴᠢᠯᠡᠬᠦ ᠵᠢ ᠪᠠᠳᠤᠯᠠᠬᠤ ᠬᠡᠷᠡᠭᠳᠡᠢ᠃ ᠠᠷᠠᠳ ᠤᠯᠠᠨ᠎ᠤ ᠲᠤᠰᠬᠠᠭᠰᠠᠨ ᠠᠰᠠᠭᠤᠳᠠᠯ᠎ᠢ ᠦᠨᠡᠨ ᠰᠡᠳᠬᠢᠯ᠎ᠠᠴᠠ᠎ᠪᠠᠨ ᠬᠦᠴᠦᠯᠡᠨ ᠰᠢᠢ᠍ᠳᠪᠦᠷᠢᠯᠡᠵᠦ᠂ ᠵᠥᠷᠢᠴᠡᠯ ᠵᠠᠭᠤᠷᠠᠯᠳᠤᠭ᠋ᠠᠨ᠎ᠢ ᠯᠠᠪᠳᠠᠭᠤᠨ ᠪᠦᠲᠦᠮᠵᠢᠲᠡᠶ ᠪᠠᠢ᠌ᠴᠠᠭ᠋ᠠᠨ ᠰᠢᠢ᠍ᠳᠪᠦᠷᠢᠯᠡᠵᠦ᠂ ᠪᠣᠳᠠᠲᠠᠢ ᠬᠠᠷᠢᠶᠠᠯᠠᠭᠳᠠᠬᠤ ᠭᠠᠵᠠᠷ ᠣᠷᠣᠨ᠎ᠤ ᠬᠠᠷᠢᠭᠤᠴᠠᠯᠭ᠎ᠠ᠂ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠴᠢᠩᠭ᠎ᠠ ᠬᠦᠢ᠍ᠴᠡᠳᠬᠡᠵᠤ᠂ ᠳᠤᠲᠠᠭᠤᠳᠠᠯ ᠵᠶ᠋ᠠᠨ ᠨᠦᠬᠦᠪᠤᠷᠢᠯᠡᠨ᠂ ᠰᠢᠨ᠎ᠡ ᠵᠢ ᠡᠭᠦᠳᠬᠦ᠎ᠪᠠᠷ ᠰᠢᠨ᠎ᠡ ᠪᠠᠢ᠌ᠳᠠᠯ᠎ᠢ  ᠠᠷᠭ᠋ᠠᠴᠠᠭ᠋ᠠᠵᠤ᠂ ᠵᠠᠬᠢᠳᠠᠯ ᠰᠣᠷᠪᠤᠯᠵᠢᠯᠠᠭ᠎ᠠ᠎ᠪᠠᠷ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ ᠭᠠᠵᠠᠷ᠎ᠲᠤ᠎ᠨᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠰᠢᠯᠢᠳᠡᠭ ᠠᠮᠵᠢᠯᠲᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ᠃









 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠠᠨᠳᠤᠰᠢ ᠡᠷᠴᠢᠳᠠᠢ᠂ ᠠᠵᠤ ᠦᠢ᠍ᠯᠡᠳᠪᠦᠷᠢ ᠵᠢᠨ ᠶᠠᠰᠤ ᠴᠢᠨᠠᠷ ᠲᠣᠭᠲᠠᠭᠤᠨ᠎ᠤ ᠳᠤᠮᠳᠠ ᠲᠡᠭᠡᠭᠰᠢᠯᠡᠵᠤ᠂ ᠥᠪᠥᠷ ᠮᠣᠩᠭᠣᠯ᠎ᠤᠨ ᠲᠦᠷᠦᠭᠦᠸ᠋ ᠬᠠᠭ᠋ᠠᠰ ᠵᠢᠯ᠎ᠤᠨ ᠠᠵᠤ ᠠᠬᠤᠢ ᠬᠢᠯᠠᠰ ᠴᠡᠭ ᠤᠯᠠᠨ ᠪᠠᠢ᠌ᠨ᠎ᠠ
ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠪᠠᠢ᠌ᠭᠤᠯᠤᠭᠳᠠᠭᠰᠠᠨ 70 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠨᠡᠢ᠌ᠬᠡᠮᠯᠢᠭ᠎ᠤᠨ ᠬᠣᠶᠠᠳᠤᠭ᠋ᠠᠷ ᠬᠤᠭᠤᠴᠠᠭ᠋ᠠᠨ᠎ᠤ ᠭᠡᠰᠢᠭᠦᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠬᠤᠷᠠᠯᠳᠤᠪᠠ
ᠪᠦᠬᠦ ᠣᠷᠣᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠮᠠᠨ᠎ᠤ ᠣᠷᠣᠨ ᠰᠤᠷᠤᠭᠴᠢᠳ᠎ᠢ ᠲᠤᠰᠠᠯᠠᠬᠤ ᠠᠵᠢᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭ᠋ᠠᠭᠤᠯᠬᠤ ᠵᠢ ᠴᠢᠡᠭᠭ᠋ᠠᠳᠬᠠᠵᠤ ᠪᠠᠢ᠌ᠨ᠎ᠠ
 
            