ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠥᠪᠡᠰᠦᠪᠡᠨ ᠪᠠᠷᠢᠭᠰᠠᠨ ᠭᠡᠷ ᠪᠠᠢ᠌ᠰᠢᠩ᠎ᠤᠨ ᠠᠶᠤᠯᠬᠦᠢ ᠵᠢᠨ ᠲᠤᠰᠬᠠᠢ ᠴᠡᠭᠴᠡᠯᠡᠯᠳᠡ ᠵᠢ ᠪᠡᠬᠢᠵᠢᠬᠦᠯᠬᠦ ᠠᠵᠢᠯ᠎ᠢ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2022-09-14

ᠵᠠᠩ ᠱᠤᠤ ᠴᠦᠨ ᠬᠤᠷᠠᠯ᠎ᠢ ᠡᠷᠬᠢᠯᠡᠵᠤ ᠶᠠᠷᠢᠶ᠎ᠠ ᠲᠠᠯᠪᠢᠵᠠᠢ
 
   9 ᠳ᠋ᠤᠭᠡᠷ ᠰᠠᠷ᠎ᠠ ᠵᠢᠨ 13᠎ᠤ ᠡᠳᠦᠷ᠎ᠤᠨ ᠦᠳᠡ ᠵᠢᠨ ᠬᠣᠢ᠌ᠨ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠸᠢᠳᠢᠤ᠋ ᠬᠤᠷᠠᠯ ᠬᠤᠷᠠᠯᠳᠤᠭᠤᠯᠵᠤ᠂ ᠪᠥᠬᠥ ᠣᠷᠣᠨ᠎ᠳᠤ ᠡᠵᠡᠩᠨᠡᠯᠲᠡ ᠵᠢᠨ ᠴᠢᠨᠠᠷᠲᠠᠢ ᠥᠪᠡᠰᠦᠪᠡᠨ ᠪᠠᠢ᠌ᠭᠤᠯᠤᠭᠰᠠᠨ ᠭᠡᠷ ᠪᠠᠢ᠌ᠰᠢᠩ᠎ᠢ ᠪᠠᠢ᠌ᠴᠠᠭ᠋ᠠᠵᠤ ᠴᠡᠭᠴᠡᠯᠡᠬᠦ ᠵᠢ ᠪᠡᠬᠢᠵᠢᠬᠦᠯᠬᠦ ᠠᠵᠢᠯ᠎ᠢ ᠥᠷᠨᠢᠭᠦᠯᠵᠦ᠂ ᠡᠯ᠎ᠡ ᠲᠥᠷᠥᠯ᠎ᠤᠨ ᠠᠶᠤᠯᠬᠦᠢ ᠦᠢ᠍ᠯᠡᠳᠪᠤᠷᠢᠯᠡᠯ᠎ᠤᠨ ᠡᠨᠳᠡᠯ ᠭᠠᠷᠬᠤ ᠵᠢ ᠡᠷᠡᠰ ᠰᠡᠷᠬᠡᠢ᠌ᠯᠡᠬᠦ ᠲᠤᠬᠠᠢ ᠪᠠᠢ᠌ᠷᠢᠯᠠᠭᠤᠯᠪᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠲᠤᠭᠤᠢ᠌ᠯᠠᠡᠭ᠎ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠵᠠᠩ ᠱᠣᠸ᠋ ᠴᠦᠨ ᠬᠤᠷᠠᠯ᠎ᠢ ᠡᠷᠬᠢᠯᠡᠵᠤ᠂  ᠶᠠᠷᠢᠶ᠎ᠠ ᠲᠠᠯᠪᠢᠵᠠᠢ᠃
   ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠠᠢ᠌ᠮᠠᠭ ᠬᠣᠲᠠ ᠵᠢᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠤᠯᠤᠰ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ 《ᠲᠦᠷᠭᠡᠨ᠂ ᠣᠨᠣᠪᠴᠢᠲᠠᠶ᠂ ᠴᠢᠩᠭ᠎ᠠ᠂ ᠪᠣᠳᠠᠲᠠᠢ》 ᠱᠠᠭ᠋ᠠᠷᠳᠠᠯᠭ᠎ᠠ ᠶᠣᠰᠣᠭ᠋ᠠᠷ᠂ ᠡᠵᠡᠩᠨᠡᠯᠲᠡ ᠵᠢᠨ ᠴᠢᠨᠠᠷᠲᠠᠢ ᠥᠪᠡᠰᠦᠪᠡᠨ ᠪᠠᠢ᠌ᠭᠤᠯᠤᠭᠰᠠᠨ ᠭᠡᠷ ᠪᠠᠢ᠌ᠰᠢᠩ᠎ᠢ ᠪᠠᠢ᠌ᠴᠠᠭ᠋ᠠᠵᠤ  ᠴᠡᠭᠴᠡᠯᠡᠬᠦ ᠠᠵᠢᠯ᠎ᠳᠤ ᠬᠣᠶᠠᠷ ᠰᠠᠷ᠎ᠠ ᠣᠷᠴᠢᠮ᠎ᠤᠨ ᠲᠤᠳᠤᠷ᠎ᠠ 《ᠡᠷᠬᠢᠨ ᠬᠠᠷᠠᠬᠤ》 ᠠᠵᠢᠯ ᠬᠢᠵᠦ᠂ 《ᠵᠠᠭᠤᠨ ᠡᠳᠦᠷ᠎ᠤᠨ ᠠᠵᠢᠯᠯᠠᠭ᠎ᠠ》 ᠵᠢᠨ ᠦᠷ᠎ᠡ ᠪᠦᠲᠦᠮᠵᠢ ᠵᠢ ᠪᠡᠬᠢᠵᠢᠬᠦᠯᠤᠨ᠂ ᠭᠡᠷ ᠪᠠᠢ᠌ᠰᠢᠩ᠎ᠤᠨ ᠬᠠᠮᠢᠶᠠᠷᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠵᠤ᠂ ᠦᠯᠡᠳᠡᠭᠡᠯ ᠲᠦᠭᠰᠢᠭᠦᠷᠢ ᠵᠢ ᠬᠠᠮᠢᠶᠠᠷᠴᠤ᠂ ᠨᠡᠮᠡᠭᠳᠡᠯ᠎ᠤᠨ ᠲᠦᠭᠰᠢᠭᠦᠷᠢ ᠵᠢ ᠴᠢᠩᠭ᠎ᠠ ᠡᠵᠡᠮᠳᠡᠵᠦ᠂ ᠠᠮᠤᠷ ᠲᠦᠪᠰᠢᠨ ᠪᠥᠭᠡᠳ ᠲᠣᠭᠲᠠᠭᠤᠨ ᠨᠡᠢ᠌ᠭᠡᠮ᠎ᠤᠨ ᠣᠷᠴᠢᠨ ᠲᠣᠭᠣᠷᠢᠨ᠎ᠢ ᠬᠦᠴᠦᠯᠡᠨ ᠪᠣᠶ ᠪᠤᠯᠭ᠋ᠠᠬᠤ ᠬᠡᠷᠡᠭᠳᠡᠢ᠃
   ᠬᠤᠷᠠᠯ ᠲᠡᠬᠡᠷ᠎ᠡ ᠪᠠᠰᠠ ᠪᠦᠬᠦ ᠣᠷᠣᠨ᠎ᠤ ᠬᠤᠳᠠ ᠪᠠᠯᠭ᠋ᠠᠰᠤᠨ᠎ᠤ ᠰᠢᠲᠠᠮᠠᠬᠠᠢ ᠬᠡᠢ ᠵᠢᠨ ᠠᠶᠤᠯᠬᠦᠢ ᠵᠢ ᠴᠡᠭᠴᠡᠯᠡᠬᠦ ᠠᠵᠢᠯ᠎ᠢ ᠭᠦᠨᠵᠡᠭᠡᠢ᠌ᠷᠡᠭᠦᠯᠬᠦ ᠲᠤᠬᠠᠢ ᠱᠠᠭ᠋ᠠᠷᠳᠠᠯᠭ᠎ᠠ ᠳᠤᠷᠠᠳᠴᠠᠢ᠃
 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠎ᠠ ᠪᠣᠯᠣᠨ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠵᠠᠢ ᠴᠢ ᠪᠠᠲᠤ ᠭᠠᠷ᠎ᠤᠨ ᠦᠰᠦᠭ ᠵᠢᠷᠤᠬᠤ ᠶᠣᠰᠣᠯᠠᠯ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠪᠦᠬᠦ ᠲᠠᠯ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠵᠠᠢ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠥᠪᠡᠰᠦᠪᠡᠨ ᠪᠠᠷᠢᠭᠰᠠᠨ ᠭᠡᠷ ᠪᠠᠢ᠌ᠰᠢᠩ᠎ᠤᠨ ᠠᠮᠤᠷ ᠲᠦᠪᠰᠢᠨ᠎ᠤ ᠲᠤᠰᠬᠠᠢ ᠴᠡᠭᠴᠡᠯᠡᠯᠳᠡ ᠵᠢ ᠴᠢᠡᠭᠭ᠋ᠠᠳᠬᠠᠬᠤ ᠠᠵᠢᠯ᠎ᠢ ᠪᠠᠢ᠌ᠷᠢᠯᠠᠭᠤᠯᠪᠠ
ᠪᠥᠬᠥ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠤᠬᠠᠢ ᠵᠢᠨ ᠲᠠᠯᠠᠪᠤᠷ᠎ᠤᠨ ᠬᠤᠷᠠᠯ ᠬᠤᠷᠠᠯᠳᠤᠪᠠ
ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠥᠪᠥᠷ ᠮᠣᠩᠭᠣᠯ᠎ᠤᠨ ᠠᠵᠢᠯᠯᠠᠬᠤ ᠳᠤᠭᠤᠢ᠌ᠯᠠᠩ᠎ᠤᠨ᠎ᠬᠢᠨ ᠬᠥᠬᠡᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠪᠠ ᠡᠮᠦᠨ᠎ᠡ ᠹᠷᠤᠨᠲ᠎ᠲᠤ ᠪᠠᠢ᠌ᠴᠠᠭ᠋ᠠᠨ ᠠᠵᠢᠯ᠎ᠢ ᠵᠢᠭ᠋ᠠᠨ ᠵᠢᠯᠣᠭᠣᠳᠪᠠ
 
            