ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠎ᠠ ᠪᠣᠯᠣᠨ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠵᠠᠢ ᠴᠢ ᠪᠠᠲᠤ ᠭᠠᠷ᠎ᠤᠨ ᠦᠰᠦᠭ ᠵᠢᠷᠤᠬᠤ ᠶᠣᠰᠣᠯᠠᠯ᠎ᠳᠤ ᠣᠷᠣᠯᠴᠠᠪᠠ
ᠨᠡᠶᠢᠲᠡᠯᠡᠭᠰᠡᠨ ᠴᠠᠭ᠄ 2022-09-22

    9 ᠳ᠋ᠤᠬᠡᠷ ᠰᠠᠷ᠎ᠠ ᠵᠢᠨ 21᠎ᠤ ᠡᠳᠦᠷ᠎ᠤᠨ ᠦᠳᠡ ᠵᠢᠨ ᠡᠮᠦᠨ᠎ᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠎ᠠ ᠵᠢᠨ᠎ᠬᠢᠨ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ᠎ᠲᠠᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠤᠬᠳᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ᠎ᠤᠨ ᠡᠷᠬᠢᠯᠡᠭᠴᠢ ᠴᠢ ᠪᠠᠲᠤ ᠶᠤᠰᠤᠯᠠᠯ᠎ᠳᠤ ᠤᠷᠤᠯᠴᠠᠪᠠ᠃
  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠎ᠠ᠎ᠨᠢ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ᠎ᠲᠠᠢ ᠬᠠᠮᠵᠢᠯᠴᠠᠨ ᠰᠢᠨ᠎ᠡ ᠵᠢ ᠡᠭᠦᠳᠬᠦ᠂ ᠬᠠᠮᠳᠤ᠎ᠪᠠᠷ ᠬᠥᠭᠵᠢᠬᠦ ᠵᠠᠷᠴᠢᠮ ᠵᠶ᠋ᠠᠷ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠠᠷᠢᠴᠠᠭ᠎ᠠ ᠪᠠᠢ᠌ᠭᠤᠯᠵᠤ᠂ ᠲᠣᠰ ᠲᠣᠰ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ 《ᠤᠮᠠᠷᠠᠲᠤ ᠬᠢᠯᠢ᠎ᠪᠠᠨ ᠬᠠᠢ᠌ᠷᠠᠯᠠᠬᠤ》 —  ᠲᠠᠡᠭᠰᠤᠭ ᠰᠠᠢ᠌ᠬᠠᠨ ᠨᠡᠶ᠋ᠢᠲᠡ ᠵᠢᠨ ᠠᠰᠠᠷᠠᠮᠵᠢ᠎ᠪᠠᠷ ᠵᠡᠮᠳᠡᠭᠴᠦᠳ᠎ᠢ ᠲᠤᠰᠠᠯᠠᠬᠤ ᠲᠥᠷᠥᠯ ᠵᠦᠢ᠍ᠯ᠎ᠢ ᠬᠡᠷᠡᠭᠵᠢᠭᠦᠯᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠨᠴᠠᠭ᠋ᠠᠶ ᠤᠷᠠᠯᠢᠭ᠎ᠤᠨ ᠷᠢᠳᠢ ᠰᠢᠳᠢ ᠵᠢ ᠭᠦᠨᠵᠡᠭᠡᠢ ᠠᠭᠤᠳᠠᠯᠤᠨ ᠢᠯᠡᠷᠡᠭᠦᠯᠵᠦ᠂ ᠣᠨᠴᠠᠭ᠋ᠠᠶ ᠤᠷᠠᠯᠢᠭ᠎ᠤᠨ ᠵᠣᠬᠢᠶᠠᠨ ᠪᠦᠲᠦᠭᠡᠬᠦ ᠦᠵᠡᠭᠦᠯᠦᠯᠭᠡ ᠲᠣᠭᠯᠠᠯᠲᠠ᠂ ᠰᠣᠶᠣᠯ᠎ᠤᠨ ᠠᠵᠤ ᠦᠢ᠍ᠯᠡᠰ᠎ᠢ ᠨᠡᠭᠡᠭᠡᠨ ᠬᠥᠭᠵᠢᠭᠦᠯᠬᠦ ᠪᠠ ᠵᠡᠮᠳᠡᠭᠴᠦᠳ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠵᠡᠷᠭᠡ ᠲᠠᠯ᠎ᠠ᠎ᠪᠠᠷ ᠠᠭᠤᠰᠤᠯᠴᠠᠨ ᠰᠢᠨ᠎ᠡ ᠵᠢ ᠡᠭᠦᠳᠬᠦ ᠪᠠ ᠬᠡᠷᠡᠭᠯᠡᠭᠡᠨ᠎ᠤ ᠰᠢᠪᠲᠤᠯᠤᠯᠲᠠ ᠵᠢ ᠥᠷᠨᠢᠭᠦᠯᠵᠦ᠂ ᠵᠡᠮᠳᠡᠭᠴᠦᠳ᠎ᠤᠨ ᠰᠣᠶᠣᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠪᠤᠯᠤᠨ᠎ᠠ᠃
ᠰᠤᠷᠤᠭᠴᠢᠳ᠎ᠤᠨ ᠨᠡᠢ᠌ᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢᠨ ᠬᠥᠮᠦᠵᠢᠯ᠎ᠤᠨ ᠰᠠᠭᠤᠷᠢᠨ
ᠭᠠᠵᠠᠷ᠂ ᠤᠷᠠᠯᠢᠭ᠎ᠤᠨ ᠵᠣᠬᠢᠶᠠᠨ ᠪᠦᠲᠦᠭᠡᠯᠭᠡ ᠪᠠ ᠦᠢ᠍ᠯᠡᠳᠦᠯᠭᠡ ᠵᠢᠨ ᠰᠠᠭᠤᠷᠢᠨ ᠭᠠᠵᠠᠷ᠂ ᠭᠤᠸ᠎ᠠ ᠰᠠᠢ᠌ᠬᠠᠨ᠎ᠤ ᠬᠥᠮᠦᠵᠢᠯ᠎ᠤᠨ ᠰᠠᠭᠤᠷᠢᠨ ᠭᠠᠵᠠᠷ᠂ ᠭᠤᠷᠪᠠ ᠵᠢ ᠬᠥᠳᠡᠭᠡ ᠪᠠᠭᠤᠯᠭ᠋ᠠᠬᠤ ᠠᠵᠢᠯᠯᠠᠭ᠋ᠠᠨ᠎ᠤ ᠰᠠᠭᠤᠷᠢᠨ ᠭᠠᠵᠠᠷ ᠵᠡᠷᠭᠡ ᠵᠢ ᠬᠠᠮᠲᠤ᠎ᠪᠠᠷ ᠪᠦᠲᠦᠭᠡᠨ ᠪᠠᠢ᠌ᠭᠤᠯᠵᠤ᠂ ᠳᠡᠭᠡᠳᠦ ᠰᠤᠷᠭ᠋ᠠᠭᠤᠯᠢ ᠵᠢᠨ ᠰᠣᠷᠣᠭᠴᠢ ᠪᠠ ᠣᠨᠴᠠᠭ᠋ᠠᠶ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠭᠴᠢ᠎ᠳᠤ ᠣᠯᠠᠨ ᠡᠰᠢᠲᠦ ᠨᠡᠢ᠌ᠭᠡᠮ᠎ᠤᠨ ᠦᠢ᠍ᠯᠡᠳᠦᠯᠭᠡ ᠵᠢᠨ ᠲᠣᠬᠢᠶᠠᠯ ᠬᠠᠡᠭᠭ᠋ᠠᠬᠤ ᠪᠤᠯᠤᠨ᠎ᠠ᠃
 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠪᠦᠬᠦ ᠲᠠᠯ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠵᠠᠢ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠥᠪᠡᠰᠦᠪᠡᠨ ᠪᠠᠷᠢᠭᠰᠠᠨ ᠭᠡᠷ ᠪᠠᠢ᠌ᠰᠢᠩ᠎ᠤᠨ ᠠᠮᠤᠷ ᠲᠦᠪᠰᠢᠨ᠎ᠤ ᠲᠤᠰᠬᠠᠢ ᠴᠡᠭᠴᠡᠯᠡᠯᠳᠡ ᠵᠢ ᠴᠢᠡᠭᠭ᠋ᠠᠳᠬᠠᠬᠤ ᠠᠵᠢᠯ᠎ᠢ ᠪᠠᠢ᠌ᠷᠢᠯᠠᠭᠤᠯᠪᠠ
ᠪᠥᠬᠥ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠤᠬᠠᠢ ᠵᠢᠨ ᠲᠠᠯᠠᠪᠤᠷ᠎ᠤᠨ ᠬᠤᠷᠠᠯ ᠬᠤᠷᠠᠯᠳᠤᠪᠠ
ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠥᠪᠥᠷ ᠮᠣᠩᠭᠣᠯ᠎ᠤᠨ ᠠᠵᠢᠯᠯᠠᠬᠤ ᠳᠤᠭᠤᠢ᠌ᠯᠠᠩ᠎ᠤᠨ᠎ᠬᠢᠨ ᠬᠥᠬᠡᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠤᠭᠤᠳᠪᠠ ᠡᠮᠦᠨ᠎ᠡ ᠹᠷᠤᠨᠲ᠎ᠲᠤ ᠪᠠᠢ᠌ᠴᠠᠭ᠋ᠠᠨ ᠠᠵᠢᠯ᠎ᠢ ᠵᠢᠭ᠋ᠠᠨ ᠵᠢᠯᠣᠭᠣᠳᠪᠠ
ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠥᠪᠥᠷ ᠮᠣᠩᠭᠣᠯ᠎ᠳᠤ᠎ᠬᠢ ᠠᠵᠢᠯᠯᠠᠬᠤ ᠳᠤᠭᠤᠢ᠌ᠯᠠᠩ᠎ᠤᠨ᠎ᠬᠢᠨ ᠬᠦᠬᠡᠬᠤᠳᠠ ᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠠᠢ᠌ᠴᠠᠭ᠋ᠠᠨ ᠰᠤᠳᠤᠯᠵᠤ ᠵᠢᠯᠤᠭᠣᠳᠬᠤ ᠵᠢᠨ ᠬᠠᠮᠲᠤ ᠡᠯ᠎ᠡ ᠮᠤᠵᠢ ᠬᠣᠲᠠ ᠵᠢᠨ ᠬᠥᠬᠡᠬᠣᠲᠠ ᠵᠢ ᠲᠤᠰᠠᠯᠠᠬᠤ ᠡᠮᠴᠢᠯᠡᠭᠡᠨ᠎ᠤ ᠠᠩᠭᠢ ᠵᠢᠨ᠎ᠬᠢᠨ᠎ᠢ ᠲᠣᠬᠣᠨᠢᠭᠤᠯᠪᠠ
 
            