ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠦᠷ ᠮᠤᠩᠭᠤᠯ᠎ᠤᠨ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠦᠪᠡᠷᠲᠡᠭᠡᠨ ᠵᠠᠰᠠᠬᠤ ᠤᠷᠤᠨ᠎ᠤ ᠦᠨᠳᠦᠰᠦᠨ ᠱᠠᠲᠤᠨ᠎ᠤ ᠨᠡᠢ᠌ᠭᠡᠮ᠎ᠤᠨ ᠠᠵᠢᠯ᠎ᠤᠨ ᠲᠦᠮᠡᠨ ᠴᠢᠳᠠᠪᠤᠷᠢᠲᠠᠨ ᠎ᠢ ᠬᠦᠮᠦᠵᠢᠭᠦᠯᠬᠦ ᠲᠦᠯᠦᠪᠯᠡᠯᠭᠡ ᠵᠢ ᠬᠡᠷᠡᠭᠵᠢᠬᠦᠯᠵᠤ ᠪᠠᠢ᠌ᠨ᠎ᠠ
ᠨᠡᠶᠢᠲᠡᠯᠡᠭᠰᠡᠨ ᠴᠠᠭ᠄ 2022-05-09

    ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠦᠨᠡᠨ ᠬᠦ᠌  ᠴᠢᠩᠭ᠋ᠠᠳᠬᠠᠵᠤ᠂ ᠮᠠᠨ᠎ᠤ ᠤᠷᠤᠨ᠎ᠤ ᠨᠡᠢ᠌ᠭᠡᠮ᠎ᠤᠨ ᠠᠵᠢᠯ᠎ᠤᠨ ᠲᠤᠰᠬᠠᠢ᠌ᠵᠢᠭᠰᠠᠨ᠂  ᠮᠡᠷᠭᠡᠵᠢᠭᠰᠡᠨ᠂  ᠵᠢᠷᠤᠮᠵᠢᠭᠰᠠᠨ᠂ ᠪᠠᠷᠢᠮᠵᠢᠶᠠᠵᠢᠭᠰᠠᠨ ᠲᠦᠪᠰᠢᠨ᠎ᠢ ᠳᠡᠭᠡᠭᠰᠢᠯᠡᠭᠦᠯᠵᠦ᠂ ᠦᠪᠡᠷᠲᠡᠭᠡᠨ ᠵᠠᠰᠠᠬᠤ ᠤᠷᠤᠨ᠎ᠤ ᠦᠨᠳᠦᠰᠦᠨ ᠱᠠᠲᠤᠨ᠎ᠤ ᠨᠡᠢ᠌ᠭᠡᠮ᠎ᠤᠨ ᠠᠵᠢᠯ᠎ᠤᠨ ᠤᠯᠠᠨ ᠴᠢᠳᠠᠪᠤᠷᠢᠲᠠᠨ᠎ᠢ ᠬᠦᠮᠦᠵᠢᠬᠦᠯᠬᠦ ᠬᠠᠷᠠᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠬᠤ ᠵᠢᠨ ᠲᠦᠯᠦᠬᠡ᠂ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ 《2022 ᠤᠨ᠎ᠤ ᠪᠦᠬᠦ ᠤᠷᠤᠨ᠎ᠤ ᠨᠡᠢ᠌ᠭᠡᠮ᠎ᠤᠨ ᠠᠵᠢᠯ ᠮᠡᠷᠭᠡᠵᠢᠯ᠎ᠤᠨ ᠬᠢᠷᠢ ᠬᠡᠮᠵᠢᠶ᠎ᠡ ᠵᠢᠨ ᠰᠢᠯᠭ᠋ᠠᠯᠲᠠ ᠎ᠠᠴᠠ ᠡᠮᠦᠨ᠎ᠡ ᠎ᠬᠢ  ᠰᠦᠯᠵᠢᠶᠡᠨ ᠎ᠤ ᠪᠤᠯᠪᠠᠰᠤᠷᠠᠯ ᠡᠷᠬᠢᠯᠡᠬᠦ ᠲᠤᠬᠠᠢ ᠮᠡᠳᠡᠭᠳᠡᠯ》 ᠎ᠢ ᠳᠠᠷᠤᠮᠯᠠᠨ ᠲᠠᠷᠬᠠᠭ᠋ᠠᠪᠠ᠃
      《ᠮᠡᠳᠡᠭᠳᠡᠯ》 ᠎ᠳᠤ ᠪᠤᠯᠪᠠᠰᠤᠷᠠᠯ᠎ᠤᠨ ᠠᠩᠬᠢ᠎ᠳᠤ ᠤᠷᠤᠯᠴᠠᠭᠰᠠᠳ᠎ᠤᠨ ᠬᠡᠪᠴᠢᠶ᠎ᠡ ᠵᠢ ᠤᠯᠠᠮ ᠦᠷᠭᠡᠳᠬᠡᠵᠦ᠂   ᠭᠤᠤᠯᠳᠠᠭᠤ  ᠡᠯ᠎ᠡ ᠱᠠᠲᠤᠨ ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ ᠪᠤᠯᠤᠨ ᠰᠢᠭᠤᠳ ᠬᠠᠷᠢᠶ᠎ᠠ ᠨᠢᠬᠡᠴᠢ ᠵᠢᠨ ᠠᠵᠢᠯᠲᠠᠨ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠪᠤᠯᠤᠨ ᠬᠤᠲᠠ ᠬᠦᠳᠡᠭᠡ ᠵᠢᠨ ᠨᠡᠢ᠌ᠭᠡᠮ᠎ᠤᠨ ᠠᠵᠢᠯ᠎ᠤᠨ ᠬᠠᠮᠢᠶ᠎ᠠ ᠪᠦᠬᠦᠢ ᠡᠭᠦᠷᠭᠡ ᠴᠢᠳᠠᠪᠤᠷᠢ᠎ᠲᠠᠢ ᠡᠯ᠎ᠡ ᠱᠠᠲᠤᠨ᠎ᠤ ᠨᠠᠮ ᠵᠠᠰᠠᠭ᠎ᠤᠨ ᠪᠠᠢ᠌ᠭᠤᠯᠤᠯᠭ᠎ᠠ᠂ ᠤᠯᠠᠨ ᠲᠦᠮᠡᠨ᠎ᠤ ᠪᠦᠯᠬᠦᠮ᠎ᠤᠨ ᠵᠤᠬᠢᠶᠠᠨ ᠪᠠᠢ᠌ᠭᠤᠯᠤᠯᠲᠠ᠂ ᠠᠵᠢᠯ ᠦᠢ᠍ᠯᠡᠰ᠎ᠤᠨ ᠨᠢᠬᠡᠴᠢ᠂ ᠨᠡᠢ᠌ᠲᠡ ᠵᠢᠨ ᠠᠰᠠᠷᠠᠮᠵᠢ ᠵᠢᠨ ᠴᠢᠨᠠᠷᠲᠠᠢ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠠᠵᠢᠯᠲᠠᠨ ᠵᠡᠷᠭᠡ ᠬᠦᠮᠦᠰ ᠪᠠᠭᠲᠠᠨ᠎ᠠ᠂ ᠪᠤᠯᠪᠠᠰᠤᠷᠠᠯ᠎ᠳᠤ 10000 ᠬᠦᠮᠦᠨ ᠤᠷᠤᠯᠴᠠᠨ᠎ᠠ᠃ ᠡᠭᠦᠨ᠎ᠳᠤ   ᠬᠤᠲᠠ ᠬᠦᠳᠡᠭᠡ ᠵᠢᠨ ᠨᠡᠢ᠌ᠭᠡᠮ ᠲᠤᠭᠤᠷᠢᠭ᠎ᠤᠨ ᠠᠵᠢᠯᠲᠠᠨ᠎ᠤ ᠪᠤᠯᠪᠠᠰᠤᠷᠠᠯ᠎ᠳᠤ ᠤᠷᠤᠯᠴᠠᠬᠤ ᠬᠠᠷᠢᠴᠠᠯ᠎ᠢ 50 %᠎ᠠᠴᠠ ᠳᠤᠤᠷ᠎ᠠ ᠪᠠᠢ᠌ᠯᠭ᠋ᠠᠵᠤ ᠪᠤᠯᠬᠤ ᠦᠭᠡᠢ᠂ ᠦᠪᠡᠷᠲᠡᠭᠡᠨ ᠵᠠᠰᠠᠬᠤ ᠤᠷᠤᠨ᠎ᠤ 《ᠲᠠᠪᠤᠨ ᠨᠡᠢ᠌ᠭᠡᠮ  ᠬᠠᠮᠳᠤᠷᠠᠨ ᠬᠦᠳᠡᠯᠤᠯᠴᠡᠬᠦ》  ᠲᠤᠷᠰᠢᠯᠲᠠ᠎ᠳᠤ ᠬᠤᠯᠪᠤᠭᠳᠠᠭᠰᠠᠨ ᠬᠤᠲᠠ ᠬᠦᠳᠡᠭᠡ ᠵᠢᠨ ᠨᠡᠢ᠌ᠭᠡᠮ ᠲᠤᠭᠤᠷᠢᠭ᠎ᠤᠨ ᠠᠵᠢᠯᠲᠠᠨ᠎ᠢ ᠭᠤᠤᠯᠳᠠᠯᠭ᠎ᠠ᠎ᠲᠠᠢ ᠤᠷᠤᠯᠴᠠᠭᠤᠯᠬᠤ ᠬᠡᠷᠡᠭᠲᠡᠢ ᠬᠡᠵᠡᠢ ᠃
     《ᠮᠡᠳᠡᠭᠳᠡᠯ》᠎ᠳᠤ᠂ ᠠᠵᠢᠯ᠎ᠤᠨ ᠱᠠᠭ᠋ᠠᠷᠳᠠᠯᠭ᠎ᠠ ᠵᠢ ᠤᠯᠠᠮ ᠲᠤᠳᠤᠷᠬᠠᠢ  ᠲᠤᠭᠲᠠᠭ᠋ᠠᠵᠤ᠂ ᠡᠯ᠎ᠡ ᠠᠢ᠌ᠮᠠᠭ᠎ᠤᠨ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠲᠤᠰ ᠤᠳᠠᠭ᠋ᠠᠨ᠎ᠤ ᠰᠦᠯᠵᠢᠶᠡᠨ᠎ᠤ ᠪᠤᠯᠪᠠᠰᠤᠷᠠᠯ᠎ᠤᠨ ᠠᠵᠢᠯ᠎ᠢ ᠴᠢᠬᠤᠯᠠᠴᠢᠯᠠᠨ ᠴᠠᠭ ᠲᠤᠬᠠᠢ᠎ᠳᠤ᠎ᠨᠢ ᠪᠠᠢ᠌ᠷᠢᠯᠠᠭᠤᠯᠵᠤ᠂ ᠨᠡᠷ᠎ᠡ ᠮᠡᠳᠡᠭᠦᠯᠬᠦ ᠪᠠ ᠪᠤᠯᠪᠠᠰᠤᠷᠠᠯ᠎ᠳᠤ ᠤᠷᠤᠯᠴᠠᠬᠤ ᠠᠵᠢᠯ᠎ᠢ ᠨᠢᠬᠡᠳᠦᠯᠲᠡᠢ ᠵᠤᠬᠢᠶᠠᠨ ᠪᠠᠢ᠌ᠭᠤᠯᠬᠤ ᠬᠡᠷᠡᠭᠲᠡᠢ᠃  ᠪᠤᠯᠪᠠᠰᠤᠷᠠᠯ ᠎ᠳᠤ ᠤᠷᠤᠯᠴᠠᠬᠤ ᠠᠵᠢᠯ᠎ᠢ ᠨᠢᠬᠡᠳᠦᠯᠲᠡᠢ ᠵᠤᠬᠢᠶᠠᠨ  ᠪᠠᠢ᠌ᠭᠤᠯᠵᠤ᠂ ᠪᠤᠯᠪᠠᠰᠤᠷᠠᠯ᠎ᠳᠤ  ᠤᠷᠤᠯᠴᠠᠬᠰᠠᠳ᠎ᠤᠨ ᠰᠤᠷᠤᠯᠴᠠᠯᠭ᠎ᠠ ᠵᠢᠨ ᠠᠬᠢᠴᠠ ᠵᠢ ᠲᠤᠬᠢᠷᠠᠭᠤᠯᠬᠤ ᠠᠵᠢᠯ᠎ᠢ  ᠴᠢᠩᠭ᠋ᠠᠳᠬᠠᠵᠤ᠂ ᠪᠤᠯᠪᠠᠰᠤᠷᠠᠯ᠎ᠳᠤ ᠡᠬᠢ ᠪᠠᠶᠠᠯᠢᠭ᠎ᠢ ᠭᠦᠢ᠍ᠴᠡᠳ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠦᠨᠳᠦᠰᠦᠨ ᠱᠠᠲᠤᠨ᠎ᠤ ᠨᠡᠢ᠌ᠭᠡᠮ᠎ᠤᠨ ᠠᠵᠢᠯ᠎ᠤᠨ ᠴᠢᠳᠠᠪᠤᠷᠢᠲᠠᠨ᠎ᠤ ᠦᠨᠡᠮᠯᠡᠯ᠎ᠲᠠᠢ ᠪᠠᠢ᠌ᠬᠤ ᠨᠤᠷᠮ᠎ᠠ ᠪᠠ ᠮᠡᠷᠬᠡᠵᠢᠯ᠎ᠢ ᠲᠡᠭᠡᠭᠰᠢᠯᠡᠬᠦᠯᠬᠦ ᠨᠤᠷᠮ᠎ᠠ ᠵᠢ ᠦᠨᠡᠨ ᠬᠦ᠌  ᠪᠡᠶᠡᠯᠡᠬᠦᠯᠵᠤ᠂ 《ᠲᠠᠪᠤᠨ ᠨᠡᠢ᠌ᠭᠡᠮ ᠬᠠᠮᠳᠤᠷᠠᠨ ᠬᠦᠳᠡᠯᠤᠯᠴᠡᠬᠦ》 ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠬᠦᠴᠦᠲᠡᠢ ᠳᠡᠭᠡᠭᠰᠢᠯᠡᠭᠦᠯᠦᠨ᠂ ᠦᠨᠳᠦᠰᠦᠨ ᠱᠠᠲᠤᠨ᠎ᠤ ᠨᠡᠢ᠌ᠭᠡᠮ ᠲᠤᠭᠤᠷᠢᠭ᠎ᠤᠨ ᠵᠠᠰᠠᠯᠲᠠ ᠪᠠ ᠦᠢ᠍ᠯᠡᠴᠢᠯᠡᠭᠡᠨ᠎ᠤ ᠴᠢᠳᠠᠪᠤᠷᠢ ᠵᠢ ᠦᠷᠭᠦᠯᠵᠢᠯᠡᠨ ᠴᠢᠩᠭ᠋ᠠᠳᠬᠠᠬᠤ ᠬᠡᠷᠡᠭᠲᠡᠢ ᠬᠡᠵᠡᠢ᠃




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠥᠪᠡᠰᠦᠪᠡᠨ ᠪᠠᠷᠢᠭᠰᠠᠨ ᠭᠡᠷ ᠪᠠᠢ᠌ᠰᠢᠩ᠎ᠤᠨ ᠠᠶᠤᠯᠬᠦᠢ ᠵᠢᠨ ᠲᠤᠰᠬᠠᠢ ᠴᠡᠭᠴᠡᠯᠡᠯᠳᠡ ᠵᠢ ᠪᠡᠬᠢᠵᠢᠬᠦᠯᠬᠦ ᠠᠵᠢᠯ᠎ᠢ ᠪᠠᠢ᠌ᠷᠢᠯᠠᠭᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠎ᠠ ᠪᠣᠯᠣᠨ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭ᠋ᠠᠭᠤᠯᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠵᠠᠢ ᠴᠢ ᠪᠠᠲᠤ ᠭᠠᠷ᠎ᠤᠨ ᠦᠰᠦᠭ ᠵᠢᠷᠤᠬᠤ ᠶᠣᠰᠣᠯᠠᠯ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠣᠯᠣᠨ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠪᠦᠬᠦ ᠲᠠᠯ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠵᠠᠢ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠥᠬᠥ ᠣᠷᠣᠨ᠎ᠤ ᠥᠪᠡᠰᠦᠪᠡᠨ ᠪᠠᠷᠢᠭᠰᠠᠨ ᠭᠡᠷ ᠪᠠᠢ᠌ᠰᠢᠩ᠎ᠤᠨ ᠠᠮᠤᠷ ᠲᠦᠪᠰᠢᠨ᠎ᠤ ᠲᠤᠰᠬᠠᠢ ᠴᠡᠭᠴᠡᠯᠡᠯᠳᠡ ᠵᠢ ᠴᠢᠡᠭᠭ᠋ᠠᠳᠬᠠᠬᠤ ᠠᠵᠢᠯ᠎ᠢ ᠪᠠᠢ᠌ᠷᠢᠯᠠᠭᠤᠯᠪᠠ
ᠪᠥᠬᠥ ᠣᠷᠣᠨ᠎ᠤ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠤᠬᠠᠢ ᠵᠢᠨ ᠲᠠᠯᠠᠪᠤᠷ᠎ᠤᠨ ᠬᠤᠷᠠᠯ ᠬᠤᠷᠠᠯᠳᠤᠪᠠ
 
            