ᠮᠠᠨ᠎ᠤ ᠤᠷᠤᠨ᠎ᠳᠤ 《ᠪᠠᠷᠢᠮᠵᠢᠶ᠎ᠠ ᠵᠢ ᠲᠡᠭᠡᠭᠰᠢᠯᠡᠭᠦᠯᠵᠤ᠂ ᠬᠤᠷᠳᠤᠴᠠ ᠵᠢ ᠲᠦᠷᠬᠡᠳᠬᠡᠨ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠭᠤᠷᠪᠠ ᠵᠢ ᠪᠠᠷᠢᠮᠲᠠᠯᠠᠬᠤ》 ᠵᠢ ᠦᠷᠭᠦᠯᠵᠢᠯᠡᠨ ᠭᠦᠨᠵᠡᠭᠡᠢ᠌ᠷᠡᠭᠦᠯᠬᠦ᠎ᠪᠠᠷ ᠳᠠᠮᠵᠢᠭᠤᠯᠤᠨ᠂ ᠬᠣᠷᠢᠭ᠎ᠠ ᠱᠤᠭᠤᠮ᠎ᠢ ᠪᠠᠲᠤᠯᠠᠬᠤ᠂ ᠭᠣᠭᠴᠣᠭ᠎ᠠ ᠵᠢ ᠪᠠᠭ᠋ᠠᠰᠬᠠᠬᠤ᠂ ᠳᠡᠮᠵᠢᠯᠭᠡ ᠵᠢ ᠴᠢᠩᠭ᠋ᠠᠳᠬᠠᠬᠤ ᠲᠠᠯ᠎ᠠ᠎ᠪᠠᠷ ᠳᠠᠬᠢᠨᠲᠠ ᠬᠦᠴᠤᠯᠡᠨ᠂ ᠲᠤᠰᠬᠠᠢ ᠠᠵᠢᠯᠯᠠᠭ᠎ᠠ ᠵᠢᠨ ᠭᠦᠨᠵᠡᠭᠡᠢ᠌ᠷᠡᠨ ᠪᠣᠳᠠᠲᠠᠢ᠌ᠵᠢᠬᠤ ᠵᠢ ᠲᠠᠰᠤᠷᠠᠯᠲᠠ ᠦᠭᠡᠢ ᠠᠬᠢᠭᠤᠯᠪᠠ᠃
《ᠡᠭᠦᠷᠭᠡ ᠴᠢᠳᠠᠪᠤᠷᠢ᠎ᠪᠠᠨ ᠴᠢᠩᠭ᠋ᠠᠳᠬᠠᠵᠤ ᠦᠨᠳᠤᠰᠤᠨ ᠵᠦᠢ᠍ᠯ᠎ᠢ ᠰᠠᠢ᠌ᠳᠤᠷ ᠪᠠᠳᠤᠯᠠᠬᠤ》 ᠵᠢ ᠪᠠᠷᠢᠮᠳᠠᠯᠠᠵᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠲᠡᠬᠢᠨᠳᠠ ᠲᠡᠭᠡᠭᠰᠢᠯᠡᠬᠦᠯᠪᠡ
ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠪᠠ 《ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ ᠵᠢᠨ ᠲᠣᠭᠣᠷᠢᠨ᠎ᠳᠤ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢ ᠴᠢᠷᠮᠠᠢ᠌ᠨ ᠴᠢᠩᠭ᠋ᠠᠳᠬᠠᠵᠤ᠂ ᠦᠨᠳᠦᠰᠦᠨ ᠵᠦᠢ᠍ᠯ᠎ᠢ ᠰᠠᠢ᠌ᠲᠤᠷ ᠪᠠᠲᠤᠯᠠᠬᠤ ᠵᠢ ᠪᠠᠲᠤᠯᠠᠬᠤ ᠬᠡᠷᠡᠭᠲᠡᠢ᠃ ᠨᠢᠭᠡ᠎ᠳᠤ᠂ ᠲᠤᠰᠠᠯᠠᠮᠵᠢ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠯᠠᠪᠳᠠᠭᠤᠨ ᠵᠶ᠋ᠠᠷ 《 ᠲᠡᠭᠡᠭᠰᠢᠯᠡᠬᠦᠯᠪᠡ》᠃ ᠲᠤᠰᠠᠯᠠᠮᠵᠢ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠲᠣᠭᠲᠠᠭᠤᠨ ᠵᠶ᠋ᠠᠷ ᠨᠡᠮᠡᠭᠳᠡᠭᠦᠯᠬᠦ ᠲᠣᠭᠲᠠᠴᠠ ᠵᠢ ᠪᠠᠢ᠌ᠭᠤᠯᠵᠤ᠂ 2023 ᠣᠨ᠎ᠳᠤ ᠪᠥᠬᠥ ᠣᠷᠣᠨ᠎ᠤ ᠬᠣᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠪᠠ ᠣᠨᠴᠠ ᠬᠦᠴᠢᠷᠳᠡᠯᠲᠡᠢ ᠬᠥᠮᠥᠰ᠎ᠤᠨ ᠦᠨᠳᠦᠰᠦᠨ ᠠᠮᠢᠳᠤᠷᠠᠯ᠎ᠤᠨ ᠠᠰᠠᠷᠠᠨ ᠲᠡᠵᠢᠭᠡᠬᠦ ᠪᠠᠷᠢᠮᠵᠢᠶ᠎ᠠ ᠵᠢᠨ ᠳᠤᠮᠳᠠᠴᠢ ᠨᠡᠮᠡᠭᠳᠡᠯ᠎ᠤᠨ ᠬᠡᠮᠵᠢᠶ᠎ᠡ ᠵᠢ ᠲᠣᠰ ᠲᠣᠰ 6.6% ᠪᠠ 5.1%᠎ᠳᠤ ᠬᠦᠷᠦᠬᠦᠯᠪᠡ᠃ ᠬᠣᠶᠠᠷ᠎ᠲᠤ᠂ ᠦᠨᠳᠤᠰᠤᠨ ᠪᠠᠳᠤᠯᠠᠭ᠎ᠠ ᠬᠦᠷᠳᠡᠭᠰᠡᠳ᠎ᠢ ᠲᠤᠬᠳᠠᠪᠤᠷᠢ᠎ᠲᠠᠢ ᠪᠤᠯᠭ᠋ᠠᠬᠤ ᠠᠵᠢᠯ᠎ᠢ ᠴᠢᠷᠮᠠᠢ᠌ᠨ ᠪᠡᠶᠡᠯᠡᠬᠦᠯᠦᠭᠰᠡᠨ ᠪᠠᠢ᠌ᠨ᠎ᠠ᠃ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠠᠵᠢᠯ᠎ᠢ ᠵᠢ ᠤᠯᠠᠮ ᠰᠠᠢ᠌ᠲᠤᠷ ᠬᠢᠬᠦ ᠵᠡᠷᠭᠡ ᠨᠡᠢ᠌ᠭᠡᠮ᠎ᠤᠨ ᠲᠤᠰᠠᠯᠠᠮᠵᠢ ᠵᠢᠨ ᠦᠨᠳᠦᠰᠦᠨ ᠪᠠᠳᠤᠯᠠᠭ᠎ᠠ ᠵᠢᠨ ᠪᠣᠳᠠᠲᠠᠢ ᠠᠷᠭ᠎ᠠ ᠵᠢ ᠲᠣᠭᠲᠠᠭ᠋ᠠᠵᠤ᠂ ᠬᠢᠨᠠᠵᠤ ᠪᠠᠢ᠌ᠭ᠎ᠠ ᠪᠡᠶ᠎ᠡ᠎ᠳᠤ᠎ᠪᠠᠨ ᠵᠦᠪ ᠦᠬᠡᠢ ᠬᠦᠮᠦᠰ᠎ᠢ ᠲᠤᠰᠠᠯᠠᠬᠤ ᠠᠵᠢᠯ᠎ᠢ ᠰᠠᠢ᠌ᠲᠤᠷ ᠬᠢᠵᠦ᠂ 36.6 ᠲᠦᠮᠡᠨ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠲᠠᠬᠢᠨ ᠶᠠᠳᠠᠭᠤᠷᠠᠵᠤ ᠮᠡᠳᠡᠬᠦ ᠬᠦᠮᠦᠰ᠎ᠢ ᠲᠦᠷᠦᠯ ᠬᠤᠪᠢᠶᠠᠨ ᠲᠤᠰᠠᠯᠠᠵᠤ᠂ ᠶᠡᠬᠡ ᠬᠡᠪᠴᠢᠶ᠎ᠡ᠎ᠪᠠᠷ ᠲᠠᠬᠢᠨ ᠶᠠᠳᠠᠭᠤᠷᠠᠬᠤ ᠶᠠᠪᠤᠳᠠᠯ ᠦᠯᠦ ᠭᠠᠷᠭ᠋ᠠᠬᠤ ᠬᠤᠷᠢᠭ᠎ᠠ ᠱᠤᠭᠤᠮ᠎ᠢ ᠪᠠᠲᠤ ᠰᠠᠬᠢᠪᠠ᠃ ᠭᠤᠷᠪᠠ᠎ᠳᠤ᠂ ᠬᠠᠯᠠᠮᠵᠢᠯᠠᠨ ᠲᠡᠳᠬᠦᠬᠦ ᠬᠦᠷᠢᠶ᠎ᠡ ᠬᠡᠪᠴᠢᠶ᠎ᠡ ᠵᠢ ᠵᠦᠢ ᠵᠣᠬᠢᠰᠲᠠᠢ᠎ᠪᠠᠷ 《ᠦᠷᠬᠡᠳᠬᠡᠪᠡ》᠃ ᠨᠡᠢ᠌ᠭᠡᠮ᠎ᠤᠨ ᠲᠤᠰᠠᠯᠠᠮᠵᠢ ᠵᠢᠨ ᠪᠦᠰᠡᠯᠡᠯᠲᠡ ᠵᠢ ᠥᠷᠭᠡᠳᠬᠡᠬᠦ ᠪᠤᠭᠤᠮᠳᠠ ᠰᠢᠪᠳᠤᠯᠤᠯᠳᠠ ᠵᠢᠨ ᠠᠵᠢᠯᠯᠠᠭ᠎ᠠ ᠦᠷᠨᠢᠬᠦᠯᠵᠤ᠂ ᠣᠷᠣᠯᠭ᠎ᠠ ᠪᠠᠭ᠎ᠠ ᠬᠦᠮᠦᠰ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠲᠤᠰᠠᠯᠠᠵᠤ ᠲᠡᠳᠬᠦᠬᠦ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠠᠢ᠌ᠯ ᠲᠣᠰᠬᠣᠨ ᠵᠶ᠋ᠠᠷ ᠶᠠᠪᠤᠵᠤ ᠬᠡᠷ᠎ᠲᠤ᠎ᠨᠢ ᠬᠦᠷᠴᠦ ᠰᠢᠢ᠍ᠳᠪᠦᠷᠢᠯᠡᠬᠦ᠂ ᠬᠢᠨᠠᠨ ᠬᠡᠮᠵᠢᠵᠦ ᠰᠡᠷᠡᠮᠵᠢᠯᠡᠭᠦᠯᠬᠦ ᠵᠢ ᠴᠠᠭ ᠲᠤᠬᠠᠢᠳᠤᠨᠢ ᠭᠦᠢ᠍ᠴᠡᠳᠬᠡᠬᠦ᠂ ᠠᠷᠠᠳ᠎ᠲᠤ ᠲᠦᠬᠦᠮ ᠦᠵᠡᠭᠦᠯᠬᠦ ᠦᠢ᠍ᠯᠡᠴᠢᠯᠡᠭᠡ᠎ᠪᠠᠷ ᠳᠠᠮᠵᠢᠭᠤᠯᠤᠨ ᠲᠦᠮᠡᠨ ᠣᠷᠣᠯᠭ᠎ᠠ ᠪᠠᠭ᠎ᠠ 162.19 ᠬᠥᠮᠥᠨ᠎ᠢ ᠲᠦᠷᠦᠯ ᠬᠤᠪᠢᠶᠠᠨ ᠲᠡᠳᠬᠦᠯᠡ᠃ ᠳᠥᠷᠪᠡ᠎ᠳᠤ᠂ ᠲᠤᠰᠠᠯᠠᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠦᠷᠭᠦᠯᠵᠢᠯᠡᠨ 《ᠲᠡᠭᠡᠭᠰᠢᠯᠡᠬᠦᠯᠪᠡ》᠃ ᠬᠦᠴᠢᠷᠳᠡᠯᠲᠡᠢ ᠣᠯᠠᠨ ᠲᠦᠮᠡᠨ᠎ᠢ ᠬᠠᠯᠠᠮᠵᠢᠯᠠᠨ ᠲᠡᠳᠬᠦᠬᠦ ᠲᠤᠰᠬᠠᠢ ᠠᠵᠢᠯᠯᠠᠭ᠎ᠠ ᠵᠢ ᠥᠷᠨᠢᠭᠦᠯᠵᠦ᠂ 《ᠡᠳ᠋ ᠪᠣᠳᠠᠰ + ᠦᠢ᠍ᠯᠡᠴᠢᠯᠡᠭᠡ》 ᠲᠤᠰᠠᠯᠠᠮᠵᠢ ᠵᠢᠨ ᠵᠠᠭᠪᠤᠷ᠎ᠢ ᠲᠡᠭᠦᠯᠳᠡᠷᠵᠢᠭᠦᠯᠦᠨ᠂ ᠬᠦᠴᠢᠷᠳᠡᠯᠲᠡᠢ ᠣᠯᠠᠨ ᠲᠦᠮᠡᠨ᠎ᠢ ᠲᠡᠳᠬᠦᠬᠦ 《ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ》 ᠪᠠ ᠰᠡᠳᠬᠢᠯ᠎ᠢ ᠳᠤᠯᠠᠭ᠋ᠠᠴᠠᠭᠤᠯᠬᠤ ᠦᠢ᠍ᠯᠡᠴᠢᠯᠡᠭᠡᠨ᠎ᠤ 《ᠲᠡᠳᠬᠦᠮᠵᠢ ᠵᠢᠨ ᠨᠠᠷᠢᠨ ᠲᠠᠩᠰᠠ》 ᠵᠢ ᠭᠠᠷᠭ᠋ᠠᠵᠤ᠂ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠪᠠ ᠠᠷᠠᠳ᠎ᠲᠤ ᠠᠰᠢᠭ ᠬᠦᠷᠲᠡᠭᠡᠬᠦ ᠪᠡᠯᠡ ᠮᠥᠩᠭᠥ ᠵᠢ 《ᠨᠢᠭᠡ ᠯᠡ ᠨᠣᠮᠧᠷ ᠵᠶ᠋ᠡᠷ ᠰᠢᠷᠪᠢᠵᠦ᠂ ᠨᠢᠭᠡ ᠯᠡ ᠨᠣᠮᠧᠷ ᠵᠶ᠋ᠡᠷ ᠮᠡᠳᠡᠬᠦ》 ᠵᠢ ᠪᠡᠶᠡᠯᠡᠭᠦᠯᠵᠦ᠂ ᠬᠦᠴᠢᠷᠳᠡᠯᠲᠡᠢ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠳᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠦᠷᠭᠦᠯᠵᠢᠯᠡᠨ ᠨᠡᠮᠡᠭᠳᠡᠬᠦᠯᠪᠡ᠃
《ᠶᠠᠪᠤᠴᠠ ᠵᠢ ᠰᠢᠯᠢᠳᠡᠭᠵᠢᠭᠦᠯᠵᠦ ᠭᠣᠭᠴᠣᠭ᠎ᠠ ᠵᠢ ᠪᠠᠭ᠋ᠠᠰᠬᠠᠬᠤ》 ᠵᠢ ᠪᠠᠷᠢᠮᠳᠠᠯᠠᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠤᠨ ᠬᠤᠷᠳᠤᠴᠠ ᠵᠢ ᠲᠦᠷᠬᠡᠳᠬᠡᠪᠡ
ᠵᠢᠯ᠎ᠤᠨ ᠡᠬᠢᠨ᠎ᠳᠤ ᠥᠷᠨᠢᠭᠦᠯᠦᠭᠰᠡᠨ 《ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠨᠠᠢ᠌ᠳᠠᠪᠤᠷᠢᠵᠢᠭᠤᠯᠤᠯᠲᠠ ᠵᠢ ᠠᠳᠬᠤᠬᠤ᠂ ᠳᠦᠷᠢ ᠲᠥᠷᠬᠦ ᠵᠢ ᠪᠣᠶ ᠪᠣᠯᠭ᠋ᠠᠬᠤ》 ᠲᠤᠰᠬᠠᠢ ᠠᠵᠢᠯᠯᠠᠭ᠎ᠠ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ 《ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠵᠢ ᠲᠦᠷᠭᠡᠳᠬᠡᠬᠦ》 ᠠᠵᠢᠯ᠎ᠤᠨ ᠱᠠᠭ᠋ᠠᠷᠳᠠᠯᠭ᠎ᠠ ᠵᠢ ᠦᠷᠭᠦᠯᠵᠢᠯᠡᠨ ᠭᠦᠨᠵᠡᠭᠡᠢ ᠨᠠᠢ᠌ᠳᠠᠪᠤᠷᠢᠵᠢᠭᠤᠯᠵᠤ᠂ ᠴᠢᠯᠦᠭᠡᠲᠡᠢ ᠲᠠᠯᠪᠢᠬᠤ ᠶᠣᠰᠣᠲᠠᠢ ᠵᠢ᠎ᠨᠢ ᠪᠣᠳᠠᠲᠠᠢ᠌ᠵᠢᠭᠤᠯᠵᠤ᠂ ᠬᠠᠮᠢᠶᠠᠷᠬᠤ ᠶᠣᠰᠣᠲᠠᠢ ᠵᠢ᠎ᠨᠢ ᠪᠣᠳᠠᠲᠠᠢ᠌ᠵᠢᠭᠤᠯᠵᠤ᠂ ᠲᠥᠬᠥᠮ ᠦᠵᠡᠭᠦᠯᠬᠦ ᠶᠣᠰᠣᠲᠠᠢ ᠵᠢ᠎ᠨᠢ ᠪᠣᠳᠠᠲᠠᠢ᠌ᠵᠢᠭᠤᠯᠵᠤ᠂ ᠲᠤᠰᠬᠠᠢ ᠠᠵᠢᠯᠯᠠᠭ᠎ᠠ ᠵᠢᠨ ᠦᠷ᠎ᠡ ᠪᠦᠲᠦᠭᠡᠯ᠎ᠢ ᠠᠷᠠᠳ᠎ᠲᠤ ᠲᠥᠬᠥᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠦᠷ᠎ᠡ ᠪᠦᠲᠦᠮᠵᠢ ᠪᠣᠯᠭ᠋ᠠᠨ ᠬᠤᠪᠢᠷᠠᠭᠤᠯᠪᠠ᠃ ᠨᠢᠭᠡ᠎ᠳᠤ᠂ 《ᠬᠣᠶᠠᠷ ᠰᠢᠯᠢᠳᠡᠭ》᠎ᠤᠨ ᠲᠤᠰᠬᠠᠢ ᠠᠵᠢᠯᠯᠠᠭ᠎ᠠ ᠵᠢ ᠬᠦᠨᠵᠡᠬᠡᠢ᠌ᠷᠡᠬᠦᠯᠪᠡ᠃ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠵᠠᠰᠠᠭ ᠵᠠᠬᠢᠷᠭ᠋ᠠᠨ᠎ᠤ ᠡᠷᠬᠡ ᠪᠠ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯᠡᠰ᠎ᠢ ᠪᠦᠬᠦ ᠲᠠᠯ᠎ᠠ᠎ᠪᠠᠷ ᠡᠮᠬᠢᠯᠡᠨ ᠰᠢᠯᠢᠳᠡᠭᠵᠢᠭᠦᠯᠵᠦ᠂ ᠳᠣᠲᠣᠭ᠋ᠠᠳᠤ ᠭᠠᠳᠠᠭ᠋ᠠᠳᠤ ᠵᠢᠨ ᠦᠢ᠍ᠯᠡᠴᠢᠯᠡᠭᠡᠨ᠎ᠤ 72 ᠵᠦᠢ᠍ᠯ᠎ᠢ ᠰᠢᠯᠢᠳᠡᠭᠵᠢᠭᠦᠯᠪᠡ᠃ ᠦᠳᠡᠬᠦᠰ᠎ᠤᠨ ᠨᠦᠬᠦᠪᠤᠷᠢ᠂ ᠵᠡᠮᠳᠡᠭᠴᠦᠳ᠎ᠤᠨ ᠬᠣᠶᠠᠷ ᠨᠥᠬᠥᠪᠦᠷᠢ ᠵᠢ ᠭᠤᠶᠤᠴᠢᠯᠠᠬᠤ ᠪᠠ ᠬᠢᠨᠠᠨ ᠬᠠᠷᠭᠤᠭᠤᠯᠵᠤ ᠣᠯᠭᠣᠬᠤ ᠵᠡᠷᠭᠡ ᠲᠠᠯ᠎ᠠ᠎ᠪᠠᠷ 20% ᠵᠢᠨ ᠮᠠᠲ᠋ᠧᠷᠢᠶᠠᠯ᠎ᠢ ᠴᠣᠮᠬᠠᠳᠬᠠᠵᠤ᠂ 40% ᠵᠢᠨ ᠭᠣᠭᠴᠣᠭ᠎ᠠ ᠵᠢ ᠴᠣᠮᠬᠠᠳᠬᠠᠵᠤ᠂ 67% ᠵᠢᠨ ᠴᠠᠭ ᠬᠤᠭᠤᠴᠠᠭ᠎ᠠ ᠵᠢ ᠴᠣᠮᠬᠠᠳᠬᠠᠨ᠎ᠠ᠃ 《ᠤᠷᠤᠬᠯᠠᠬᠤ ᠪᠠ ᠬᠡᠤᠬᠡᠳ ᠰᠢᠤᠬᠠᠳ᠎ᠲᠠᠢ ᠪᠤᠯᠬᠤ》 《ᠵᠡᠮᠳᠡᠭᠴᠦᠳ᠎ᠢ ᠲᠡᠳᠬᠦᠨ ᠬᠦᠴᠢᠷᠳᠡᠯᠲᠡᠢ ᠵᠢ ᠲᠤᠰᠠᠯᠠᠬᠤ》 《ᠠᠷᠠᠳ ᠢᠷᠭᠡᠳ᠎ᠤᠨ ᠬᠤᠢ᠌ᠳᠤ᠎ᠬᠢ ᠶᠠᠪᠤᠳᠠᠯ》 ᠵᠡᠷᠭᠡ 《ᠨᠢᠭᠡ ᠶᠠᠪᠤᠳᠠᠯ᠎ᠢ ᠨᠢᠭᠡ ᠤᠳᠠᠭ᠎ᠠ᠎ᠳᠤ ᠭᠦᠢ᠍ᠴᠡᠳᠬᠡᠬᠦ》 ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠵᠢ ᠢᠳᠡᠪᠬᠢᠲᠡᠢ᠎ᠪᠠᠷ ᠠᠬᠢᠭᠤᠯᠵᠤ᠂ 《ᠨᠢᠭᠡ ᠶᠠᠪᠤᠳᠠᠯ᠎ᠢ ᠨᠢᠭᠡ ᠤᠳᠠᠭ᠎ᠠ᠎ᠳᠤ ᠭᠦᠢ᠍ᠴᠡᠳᠬᠡᠬᠦ》 ᠴᠤᠡᠭᠬᠤᠪᠴᠢ ᠪᠠᠢ᠌ᠭᠤᠯᠤᠨ᠂ ᠣᠯᠠᠨ ᠰᠠᠯᠠᠭ᠎ᠠ ᠮᠥᠴᠢᠷ ᠣᠯᠠᠨ ᠤᠴᠢᠷ ᠶᠠᠪᠤᠳᠠᠯ᠎ᠢ ᠰᠢᠯᠢᠳᠡᠭᠵᠢᠭᠦᠯᠦᠨ ᠳᠠᠬᠢᠨ ᠵᠣᠬᠢᠶᠠᠨ ᠪᠠᠢ᠌ᠭᠤᠯᠵᠤ᠂ ᠳᠠᠪᠬᠤᠷᠳᠠᠬᠤ ᠭᠣᠭᠴᠣᠭ᠎ᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠨ᠂ ᠭᠦᠢ᠍ᠴᠡᠳᠬᠡᠬᠦ ᠲᠠᠰ ᠳᠠᠷᠠᠭ᠋ᠠᠯᠠᠯ᠎ᠢ ᠴᠣᠮᠬᠠᠳᠬᠠᠵᠤ᠂ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ 《ᠨᠢᠭᠡ ᠯᠡ ᠤᠳᠠᠭ᠎ᠠ ᠭᠦᠶᠦᠯᠭᠡᠬᠦ》 ᠵᠢ ᠪᠠᠳᠤᠯᠠᠪᠠ᠃ ᠬᠣᠶᠠᠷ᠎ᠲᠤ᠂ ᠠᠷᠠᠳ᠎ᠤᠨ ᠶᠠᠪᠤᠳᠠᠯ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠪᠠᠷᠢᠮᠵᠢᠶᠠᠵᠢᠭᠤᠯᠬᠤ ᠠᠵᠢᠯ᠎ᠢ ᠠᠷᠠᠳ᠎ᠤᠨ ᠶᠠᠪᠤᠳᠠᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠬᠡᠷᠡᠭ ᠡᠷᠭᠢᠯᠡᠬᠦ ᠵᠦᠭᠯᠡᠭᠦᠷ᠎ᠲᠤ ᠵᠠᠰᠠᠪᠤᠷᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠤ ᠰᠠᠭᠤᠭ᠋ᠠᠯᠢ ᠠᠷᠠᠳ᠎ᠤᠨ ᠵᠦᠪᠯᠡᠯ ᠲᠠᠪᠤᠨ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠡᠮᠬᠢᠯᠡᠵᠤ᠂ ᠶᠠᠪᠤᠴᠨ ᠵᠢ ᠤᠯᠠᠮ ᠰᠢᠯᠢᠳᠡᠭᠵᠢᠭᠦᠯᠦᠨ᠂ ᠬᠡᠷᠡᠭ ᠭᠦᠢ᠍ᠴᠡᠳᠬᠡᠬᠦ ᠬᠦᠴᠦᠨ ᠵᠦᠢ᠍ᠯ᠎ᠢ ᠨᠢᠭᠡᠳᠬᠡᠵᠦ᠂ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠠᠳᠠᠯᠢ ᠪᠠᠷᠢᠮᠵᠢᠶ᠎ᠠ᠎ᠪᠠᠷ ᠭᠥᠯᠢᠶᠡᠨ ᠠᠪᠴᠤ ᠰᠢᠢ᠍ᠳᠪᠦᠷᠢᠯᠡᠬᠦ᠂ ᠠᠳᠠᠯᠢ ᠶᠠᠪᠤᠴᠨ᠎ᠪᠠᠷ ᠭᠦᠢ᠍ᠴᠡᠳᠬᠡᠬᠦ》 ᠵᠢ ᠠᠬᠢᠭᠤᠯᠪᠠ᠃ ᠭᠤᠷᠪᠠ᠎ᠳᠤ᠂ ᠨᠠᠢ᠌ᠳᠠᠪᠤᠷᠢᠵᠢᠭᠤᠯᠤᠯᠲᠠ ᠵᠢᠨ ᠠᠵᠢᠯ᠎ᠢ ᠨᠢᠭᠡᠳᠦᠯᠲᠡᠢ ᠲᠥᠯᠥᠪᠵᠢᠭᠦᠯᠬᠦ ᠵᠢ ᠰᠢᠯᠢᠳᠡᠭᠵᠢᠬᠦᠯᠪᠡ᠃ ᠡᠬᠡ ᠲᠡᠡᠭᠰᠠ ᠵᠢ ᠪᠦᠬᠦ ᠲᠠᠯ᠎ᠠ᠎ᠪᠠᠷ ᠴᠣᠮᠬᠠᠳᠬᠠᠨ ᠵᠢᠷᠤᠮᠵᠢᠭᠤᠯᠵᠤ᠂ ᠡᠬᠡ ᠲᠡᠡᠭᠰᠠ ᠵᠢ 56%᠎ᠪᠠᠷ ᠪᠠᠭ᠋ᠠᠰᠬᠠᠪᠠ᠃ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠯᠡᠵᠦ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠠᠬᠢᠭᠤᠯᠵᠤ᠂ ᠭᠠᠴᠠᠭ᠎ᠠ ᠲᠣᠰᠬᠣᠨ ᠪᠠ ᠨᠡᠢ᠌ᠭᠡᠮ ᠲᠣᠭᠣᠷᠢᠭ᠎ᠤᠨ ᠠᠵᠢᠯ᠎ᠤᠨ ᠵᠦᠢ᠍ᠯᠡᠰ᠎ᠢ ᠲᠣᠰ ᠲᠣᠰ 51% ᠪᠠ 63%᠎ᠪᠠᠷ ᠪᠠᠭ᠋ᠠᠰᠬᠠᠵᠤ᠂ ᠨᠢᠭᠡᠨᠲᠡ ᠬᠦᠴᠦᠨ ᠦᠭᠡᠢ ᠪᠣᠯᠤᠭᠰᠠᠨ᠂ ᠢᠯᠭ᠋ᠠᠬᠤ ᠲᠡᠮᠳᠡᠭ᠎ᠤᠨ ᠴᠢᠳᠠᠮᠵᠢ᠎ᠨᠢ ᠨᠡᠢ᠌ᠴᠡᠬᠦ ᠦᠭᠡᠢ ᠵᠡᠷᠭᠡ ᠠᠵᠢᠯ᠎ᠤᠨ ᠲᠣᠭᠲᠠᠴᠠ ᠪᠠ ᠬᠠᠭᠤᠷᠮᠠᠭ ᠫᠠᠢ᠌ᠰᠠ ᠵᠢ ᠨᠡᠶ᠋ᠢᠲᠡ 50 ᠭᠠᠷᠤᠢ ᠴᠡᠪᠡᠷᠯᠡᠭᠰᠡᠨ᠎ᠤ ᠬᠠᠮᠳᠤ ᠵᠣᠬᠢᠶᠠᠨ ᠪᠠᠶ᠋ᠢᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠢ ᠵᠢᠨ ᠠᠯᠪᠠᠨ ᠭᠡᠷ᠎ᠤᠨ᠎ᠬᠢᠨ᠎ᠲᠠᠢ ᠬᠠᠮᠲᠤᠷᠠᠨ ᠱᠠᠯᠠᠪᠳᠠᠭᠤᠯᠤᠨ ᠪᠠᠢ᠌ᠴᠠᠭ᠋ᠠᠵᠤ ᠰᠢᠯᠭ᠋ᠠᠨ ᠬᠢᠨᠠᠬᠤ ᠠᠵᠢᠯ᠎ᠢ ᠥᠷᠨᠢᠭᠦᠯᠵᠦ᠂ ᠳᠠᠷᠤᠭ᠋ᠠᠰᠤ ᠵᠢ ᠬᠥᠩᠭᠡᠷᠡᠭᠦᠯᠦᠭᠰᠡᠨ ᠦᠷ᠎ᠡ ᠪᠦᠲᠦᠭᠡᠯ᠎ᠢ ᠣᠯᠠᠨ ᠲᠦᠮᠡᠨ᠎ᠳᠤ ᠨᠠᠩ ᠰᠠᠢ᠌ᠨ ᠬᠦᠷᠳᠡᠭᠡᠭᠰᠡᠨ ᠪᠠᠢ᠌ᠨ᠎ᠠ᠃
《ᠲᠣᠭ᠎ᠠ ᠪᠠᠷᠢᠮᠲᠠ᠎ᠪᠠᠷ ᠡᠨᠧᠷᠭᠢ ᠣᠯᠭᠣᠵᠤ ᠲᠤᠯᠭ᠋ᠠᠭᠤᠷᠢᠯᠠᠬᠤ ᠵᠢ ᠴᠢᠩᠭ᠋ᠠᠳᠬᠠᠬᠤ》 ᠵᠢ ᠪᠠᠷᠢᠮᠳᠠᠯᠠᠨ ᠲᠣᠭ᠋ᠠᠴᠢᠯᠠᠭᠰᠠᠨ ᠠᠷᠠᠳ᠎ᠤᠨ ᠶᠠᠪᠤᠳᠠᠯ᠎ᠤᠨ ᠦᠷ᠎ᠡ ᠪᠦᠲᠦᠮᠵᠢ ᠵᠢ ᠲᠠᠬᠢᠨᠳᠠ ᠲᠡᠭᠡᠭᠰᠢᠯᠡᠬᠦᠯᠪᠡ
《ᠢᠨᠲ᠋ᠧᠷ ᠰᠦᠯᠵᠢᠶ᠎ᠡ + ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠭᠦᠨᠵᠡᠭᠡᠢ᠌ᠷᠡᠨ ᠬᠥᠭᠵᠢᠬᠦ ᠵᠢ ᠢᠳᠡᠪᠬᠢᠲᠡᠢ ᠠᠬᠢᠭᠤᠯᠵᠤ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠂ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠣᠲᠣ ᠵᠢᠨ ᠪᠠᠢ᠌ᠭ᠎ᠠ ᠡᠯ᠎ᠡ ᠲᠥᠷᠥᠯ᠎ᠤᠨ ᠠᠷᠠᠳ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠢ ᠪᠦᠲᠦᠮᠵᠢᠲᠡᠶ ᠡᠮᠬᠢᠯᠡᠨ᠂ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠳᠣᠲᠣᠭ᠋ᠠᠳᠤ ᠵᠢᠨ ᠲᠤᠬᠠᠢ᠌ᠯᠠᠭᠰᠠᠨ ᠠᠵᠢᠯ᠎ᠤᠨ ᠨᠡᠢ᠌ᠯᠡᠯ᠂ ᠲᠣᠭ᠎ᠠ ᠪᠠᠷᠢᠮᠲᠠ ᠵᠢᠨ ᠨᠡᠢ᠌ᠯᠡᠯ᠂ ᠮᠡᠷᠭᠡᠵᠢᠯ᠎ᠤᠨ ᠨᠡᠢ᠌ᠯᠡᠯ᠂ ᠶᠠᠮᠤᠨ ᠮᠤᠵᠢ ᠵᠢᠨ ᠭᠤᠯᠳᠤ᠎ᠪᠠᠷ ᠬᠠᠷᠢᠯᠴᠠᠨ ᠨᠡᠪᠲᠡᠷᠡᠯᠴᠡᠬᠦ᠂ ᠰᠠᠯᠠᠭ᠎ᠠ ᠮᠥᠴᠢᠷ᠎ᠤᠨ ᠬᠣᠭᠣᠷᠣᠨᠳᠤ᠎ᠪᠠᠨ ᠬᠥᠨᠳᠡᠯᠡᠨ ᠵᠶ᠋ᠡᠷ ᠬᠠᠷᠢᠯᠴᠠᠨ ᠬᠤᠯᠪᠤᠭ᠋ᠠᠯᠠᠬᠤ ᠪᠤᠯᠭ᠋ᠠᠪᠠ᠃ 《ᠶᠠᠮᠤᠨ ᠮᠤᠵᠢ ᠬᠣᠲᠠ ᠰᠢᠶᠠᠨ》᠎ᠤ ᠳᠥᠷᠪᠡᠨ ᠱᠠᠲᠤ ᠵᠢ ᠭᠤᠯᠳᠤ᠎ᠪᠠᠷ ᠬᠣᠯᠪᠣᠭᠰᠠᠨ᠂ 23 ᠰᠠᠯᠠᠭ᠎ᠠ ᠮᠥᠴᠢᠷ᠎ᠢ ᠬᠥᠨᠳᠡᠯᠡᠨ ᠵᠶ᠋ᠡᠷ ᠬᠣᠯᠪᠣᠭᠰᠠᠨ᠂ 47 ᠲᠥᠷᠥᠯ᠎ᠤᠨ ᠲᠣᠭ᠎ᠠ ᠪᠠᠷᠢᠮᠲᠠ ᠵᠢ ᠪᠠᠭᠲᠠᠭ᠋ᠠᠭᠰᠠᠨ ᠨᠡᠢ᠌ᠭᠡᠮ᠎ᠤᠨ ᠲᠤᠰᠠᠯᠠᠮᠵᠢ ᠵᠢᠨ ᠰᠦᠯᠵᠢᠶᠡᠨ᠎ᠤ ᠬᠠᠮᠲᠤ᠎ᠪᠠᠷ ᠡᠳ᠋ᠯᠡᠬᠦ ᠲᠠᠪᠴᠠᠩ᠎ᠢ ᠪᠠᠢ᠌ᠭᠤᠯᠵᠤ᠂ ᠲᠤᠰᠠᠯᠠᠮᠵᠢ ᠬᠦᠷᠳᠡᠭᠰᠡᠳ᠎ᠢ ᠨᠠᠷᠢᠯᠢᠭ ᠣᠨᠣᠴᠠᠲᠠᠢ᠎ᠪᠠᠷ ᠮᠠᠭ᠋ᠠᠳᠯᠠᠨ ᠲᠣᠭᠲᠠᠭ᠋ᠠᠬᠤ᠎ᠳᠤ ᠰᠠᠭᠤᠷᠢ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠵᠤ᠂ ᠮᠡᠳᠡᠭᠡ ᠵᠠᠩᠭᠢ ᠵᠢ ᠢᠯᠡᠭᠦᠦ ᠭᠦᠶᠦᠯᠭᠡᠵᠦ᠂ ᠣᠯᠠᠨ ᠲᠦᠮᠡᠨ᠎ᠢ ᠳᠤᠲᠠᠭᠤ ᠬᠦᠶᠦᠯᠬᠡᠪᠡ᠃ ᠨᠡᠢ᠌ᠭᠡᠮ᠎ᠤᠨ ᠲᠤᠰᠠᠯᠠᠮᠵᠢ ᠵᠢᠨ 《 ᠠᠯᠠᠭ᠋ᠠᠨ ᠲᠡᠬᠡᠷ᠎ᠡ ᠬᠦᠢ᠍ᠴᠡᠳᠬᠡᠬᠦ》᠂ 《ᠬᠤᠷᠤᠭᠤᠨ᠎ᠤ ᠦᠨᠳᠡᠬᠡ᠎ᠪᠠᠷ ᠬᠦᠢ᠍ᠴᠡᠳᠬᠡᠬᠦ》 ᠲᠠᠪᠴᠠᠡᠭ ᠪᠠᠢ᠌ᠭᠤᠯᠬᠤ ᠠᠵᠢᠯ᠎ᠢ ᠲᠦᠷᠬᠡᠳᠬᠡᠵᠤ᠂ ᠦᠢ᠍ᠯᠡᠴᠢᠯᠡᠭᠡᠨ᠎ᠤ ᠵᠦᠢ᠍ᠯᠡᠰ᠎ᠢ ᠦᠷᠬᠡᠳᠭᠡᠭᠰᠡᠨ ᠵᠶ᠋ᠡᠷ ᠦᠨᠤ ᠵᠢᠯ ᠨᠡᠢ᠌ᠭᠡᠮ᠎ᠤᠨ ᠲᠤᠰᠠᠯᠠᠮᠵᠢ ᠵᠢᠨ 《ᠪᠢᠴᠢᠯ ᠦᠢ᠍ᠯᠡᠴᠢᠯᠡᠭᠡ》 ᠵᠢᠨ ᠲᠠᠪᠴᠠᠩ ᠵᠶ᠋ᠠᠷ ᠳᠠᠮᠵᠢᠭᠤᠯᠤᠨ 0.95 ᠲᠦᠮᠡᠨ ᠬᠦᠴᠢᠷᠳᠡᠯᠲᠡᠢ ᠣᠯᠠᠨ ᠲᠦᠮᠡᠨ᠎ᠳᠤ ᠰᠦᠯᠵᠢᠶᠡᠨ ᠳᠡᠭᠡᠷ᠎ᠡ ᠲᠤᠰᠠᠯᠠᠮᠵᠢ ᠭᠤᠶᠤᠴᠢᠯᠠᠬᠤ᠂ ᠭᠦᠢ᠍ᠴᠡᠳᠬᠡᠬᠦ᠂ ᠪᠠᠢ᠌ᠴᠠᠭ᠋ᠠᠨ ᠯᠠᠪᠯᠠᠬᠤ ᠵᠡᠷᠭᠡ ᠦᠢ᠍ᠯᠡᠴᠢᠯᠡᠭᠡ ᠬᠠᠩᠭ᠋ᠠᠵᠤ᠂ ᠲᠤᠰᠠᠯᠠᠮᠵᠢ ᠵᠢᠨ ᠵᠦᠢ᠍ᠯᠡᠰ᠎ᠢ 《ᠰᠦᠯᠵᠢᠶᠡᠨ ᠳᠡᠭᠡᠷ᠎ᠡ ᠭᠦᠢ᠍ᠴᠡᠳᠬᠡᠬᠦ》 《ᠠᠯᠠᠭ᠋ᠠᠨ ᠲᠡᠬᠡᠷ᠎ᠡ ᠬᠦᠢ᠍ᠴᠡᠳᠬᠡᠬᠦ》 ᠪᠤᠯᠭ᠋ᠠᠵᠤ ᠴᠢᠳᠠᠯ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠰᠲ᠋ᠧᠮ᠂ 《ᠬᠣᠶᠠᠷ᠎ᠢ ᠮᠡᠳᠡᠭᠳᠡᠯ ᠦᠬᠡᠢ ᠬᠢᠬᠦ᠂ ᠨᠢᠭᠡ ᠵᠢ ᠢᠯᠡᠵᠢᠬᠦᠯᠬᠦ》 ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠩᠰᠡᠯᠡᠨ ᠬᠠᠮᠢᠶᠠᠷᠬᠤ ᠰᠢᠰᠲ᠋ᠧᠮ᠎ᠢ ᠪᠥᠬᠥ ᠲᠠᠯ᠎ᠠ᠎ᠪᠠᠷ ᠲᠡᠭᠦᠯᠳᠡᠷᠵᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠢᠨᠠᠨ ᠵᠥᠪᠰᠢᠶᠡᠷᠡᠬᠦ ᠪᠠ ᠣᠨ᠎ᠤ ᠪᠠᠢ᠌ᠴᠠᠭ᠋ᠠᠯᠲᠠ ᠬᠢᠬᠦ ᠵᠡᠷᠭᠡ ᠠᠵᠢᠯ᠎ᠳᠤ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ ᠦᠢ᠍ᠯᠡᠴᠢᠯᠡᠭᠡ ᠬᠠᠩᠭ᠋ᠠᠵᠤ᠂ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠤᠯᠠᠮ ᠲᠦᠬᠦᠮ ᠪᠤᠯᠭ᠋ᠠᠯ᠎ᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠷᠠᠭ᠋ᠠᠴᠢ᠎ᠪᠠᠷ 《ᠪᠠᠷᠢᠮᠵᠢᠶ᠎ᠠ ᠵᠢ ᠲᠡᠭᠡᠭᠰᠢᠯᠡᠭᠦᠯᠵᠤ᠂ ᠬᠤᠷᠳᠤᠴᠠ ᠵᠢ ᠲᠦᠷᠬᠡᠳᠬᠡᠨ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠵᠦᠢ᠍ᠯ᠎ᠤᠨ ᠠᠵᠢᠯᠯᠠᠭ᠎ᠠ ᠵᠢ ᠡᠳᠦᠷ ᠲᠤᠲᠤᠮ᠎ᠤᠨ ᠠᠵᠢᠯ᠎ᠳᠤ᠎ᠪᠠᠨ ᠦᠷᠬᠦᠯᠵᠢᠯᠡᠨ ᠠᠭᠤᠰᠬᠠᠵᠤ᠂ ᠠᠵᠢᠯ ᠶᠠᠪᠤᠳᠠᠯ ᠭᠦᠢ᠍ᠴᠡᠳᠬᠡᠬᠦ ᠶᠠᠪᠤᠴᠨ ᠵᠢᠢ ᠤᠯᠠᠮ ᠰᠢᠯᠢᠳᠡᠭᠵᠢᠭᠦᠯᠦᠨ ᠡᠮᠬᠢᠯᠡᠵᠤ᠂ ᠠᠵᠢᠯ ᠶᠠᠪᠤᠳᠠᠯ ᠭᠦᠢ᠍ᠴᠡᠳᠬᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠠᠷᠠᠳ᠎ᠤᠨ ᠶᠠᠪᠤᠳᠠᠯ᠎ᠤᠨ ᠺᠠᠳ᠋ᠷᠴᠤᠳ᠎ᠤᠨ ᠪᠤᠰᠢᠭᠤ ᠱᠠᠯᠠᠮᠠᠭ᠋ᠠᠢ᠂ ᠡᠷᠲᠡ ᠬᠦᠢ᠍ᠴᠡᠳᠬᠡᠵᠤ᠂ ᠳᠠᠷᠤᠢ ᠰᠠᠢ᠌ᠲᠤᠷ ᠬᠢᠬᠦ ᠳᠦᠷᠢ ᠲᠥᠷᠬᠦ ᠵᠢ ᠪᠣᠶ ᠪᠤᠯᠭ᠋ᠠᠨ᠂ ᠴᠤᠭ ᠵᠤᠯᠢ ᠲᠡᠬᠦᠯᠳᠡᠷ ᠵᠶ᠋ᠡᠷ ᠲᠡᠷᠢᠭᠦᠨ᠎ᠤ᠎ᠬᠢ ᠵᠢ ᠡᠷᠡᠮᠴᠡᠨ ᠰᠢᠯᠢᠳᠡᠭ᠎ᠢ ᠡᠭᠦᠳᠴᠦ᠂ ᠠᠵᠢᠯ ᠶᠠᠪᠤᠳᠠᠯ ᠬᠢᠵᠦ ᠠᠳᠠᠯ ᠦᠢ᠍ᠯᠡᠰ ᠴᠣᠭᠴᠠᠯᠠᠬᠤ᠎ᠪᠠᠷ ᠬᠦᠴᠦᠯᠡᠨ ᠴᠢᠷᠮᠠᠢ᠌ᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ 《ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ᠎ᠳᠤ ᠠᠷᠠᠳ᠎ᠤᠨ ᠶᠠᠪᠤᠳᠠᠯ᠎ᠤᠨ᠎ᠬᠢᠨ᠎ᠤ ᠰᠢᠨ᠎ᠡ ᠬᠤᠪᠢ ᠨᠡᠮᠡᠷᠢ ᠵᠢ ᠦᠵᠡᠬᠦᠯᠬᠦ ᠪᠤᠯᠤᠨ᠎ᠠ᠃