《ᠠᠷᠪᠠᠨ ᠲᠦᠷᠪᠡᠨ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠪᠠᠶᠠᠷᠯᠠᠨ ᠤᠬᠳᠤᠵᠤ᠂ ᠨᠠᠭ᠋ᠠᠳᠤᠮ ᠵᠶ᠋ᠡᠷ ᠠᠭᠣᠯᠵᠠᠶᠠ》 ᠭᠡᠬᠦ ᠭᠣᠣᠯ ᠰᠡᠳᠤᠪᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠳᠤᠭ᠋ᠠᠷ ᠬᠤᠭᠤᠴᠠᠭ᠋ᠠᠨ᠎ᠤ ᠮᠥᠰᠥ ᠴᠠᠰᠤᠨ᠎ᠳᠤ᠎ᠬᠢ ᠨᠠᠭ᠋ᠠᠳᠤᠮ᠎ᠢ 12 ᠳ᠋ᠤᠭ᠋ᠠᠷ ᠰᠠᠷ᠎ᠠ ᠵᠢᠨ 17 ᠤ ᠡᠳᠦᠷ ᠬᠥᠯᠥᠨ ᠪᠤᠢ᠍ᠢ᠍ᠷ ᠬᠤᠳᠠ ᠵᠢᠨ ᠬᠠᠭᠤᠴᠢᠨ ᠪᠠᠷᠭᠤ ᠬᠣᠰᠢᠭᠤᠨ᠎ᠤ ᠬᠦᠬᠡ ᠨᠠᠭᠤᠷ᠎ᠤᠨ ᠦᠵᠡᠮᠵᠢ ᠵᠢᠨ ᠣᠷᠣᠨ᠎ᠳᠤ ᠡᠬᠢᠯᠡᠭᠦᠯᠪᠡ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠠᠩ ᠵᠢᠨ ᠮᠥᠰᠥ ᠴᠠᠰᠤᠨ᠎ᠤ ᠨᠠᠭ᠋ᠠᠳᠤᠮ ᠡᠬᠢᠯᠡᠭᠰᠡᠨ᠎ᠢ ᠵᠠᠷᠯᠠᠯ᠎ᠠ᠃
ᠥᠪᠥᠷ ᠮᠣᠩᠭᠣᠯ᠎ᠤᠨ ᠮᠥᠰᠥ ᠴᠠᠰᠤᠨ ᠳᠤ᠎ᠬᠢ ᠨᠠᠭ᠋ᠠᠳᠤᠮ ᠪᠣᠯ 《ᠳᠤᠮᠳᠠᠳᠤ ᠤᠯᠤᠰ᠎ᠤᠨ ᠮᠥᠰᠥ ᠴᠠᠰᠤᠨ ᠨᠠᠭ᠋ᠠᠳᠤᠮ᠎ᠤᠨ ᠨᠥᠯᠥᠭᠡᠯᠡᠬᠦ ᠬᠦᠴᠦᠨ ᠬᠠᠮᠤᠭ᠎ᠤᠨ ᠶᠡᠬᠡ ᠠᠷᠪᠠᠨ ᠶᠡᠬᠡ ᠵᠢᠭᠤᠯᠴᠢᠯᠠᠯ᠎ᠤᠨ ᠪᠠᠶᠠᠷ᠎ᠤᠨ ᠶᠠᠪᠤᠳᠠᠯ》 ᠪᠣᠯᠣᠨ᠎ᠠ᠃ ᠲᠤᠰ ᠮᠥᠰᠥ ᠴᠠᠰᠤᠨ ᠳᠤ᠎ᠬᠢ ᠨᠠᠭ᠋ᠠᠳᠤᠮ ᠭᠤᠴᠢᠭ᠋ᠠᠳ ᠬᠤᠨᠤᠭ ᠶᠠᠪᠤᠭᠳᠠᠵᠤ᠂ ᠡᠪᠦᠯ᠎ᠤᠨ ᠤᠮᠪᠠᠯᠲᠠ᠂ ᠴᠠᠰᠤᠨ ᠱᠤᠭᠤᠮᠠᠯ ᠪᠣᠯᠣᠨ ᠮᠣᠷᠢᠨ ᠤᠷᠤᠯᠳᠤᠭ᠋ᠠᠨ ᠵᠡᠷᠭᠡ 6 ᠵᠦᠢ᠍ᠯ᠎ᠤᠨ ᠤᠷᠤᠯᠳᠤᠭ᠋ᠠᠨ᠂ ᠲᠡᠦᠬᠡ ᠵᠢᠨ ᠮᠦᠽᠧᠢ ᠵᠢᠨ ᠮᠥᠰᠥ ᠴᠠᠰᠤᠨ᠎ᠳᠤ᠎ᠬᠢ ᠪᠤᠯᠵᠤᠭ᠎ᠠ ᠬᠡᠮᠡᠬᠦ ᠭᠣᠣᠯ ᠰᠡᠳᠦᠪᠲᠦ ᠦᠵᠡᠰᠬᠦᠯᠡᠩ᠂ ᠬᠥᠯᠥᠨ ᠪᠤᠢ᠍ᠢ᠍ᠷ᠎ᠤᠨ ᠮᠥᠰᠥ ᠴᠠᠰᠤᠨ᠎ᠤ ᠪᠦᠲᠦᠭᠡᠭᠳᠡᠬᠦᠨ᠎ᠤ ᠳᠡᠯᠭᠡᠨ ᠪᠣᠷᠣᠯᠠᠭᠤᠯᠤᠯᠲᠠ ᠵᠢᠨ ᠠᠩᠬᠠᠳᠤᠭ᠋ᠠᠷ ᠴᠤᠭᠯᠠᠭ᠋ᠠᠨ ᠵᠡᠷᠭᠡ 6 ᠵᠦᠢ᠍ᠯ᠎ᠤᠨ ᠦᠵᠡᠰᠬᠦᠯᠡᠩ᠎ᠢ ᠡᠷᠬᠢᠯᠡᠵᠦ᠂ ᠳᠤᠮᠳᠠᠳᠤ ᠤᠷᠤᠰ᠎ᠤᠨ ᠰᠣᠶᠣᠯ᠎ᠤᠨ ᠰᠣᠯᠢᠯᠴᠠᠭ᠋ᠠᠨ᠎ᠤ ᠲᠣᠭᠯᠠᠯᠲᠠ ᠵᠡᠷᠭᠡ ᠠᠷᠠᠳ᠎ᠲᠤ ᠠᠰᠢᠭ ᠬᠦᠷᠲᠡᠭᠡᠬᠦ ᠵᠠᠭᠤᠨ ᠲᠠᠯᠠᠪᠤᠷ ᠦᠵᠡᠭᠦᠯᠦᠯᠭᠡ ᠵᠢᠨ ᠲᠣᠭᠯᠠᠯᠲᠠ ᠡᠷᠬᠢᠯᠡᠬᠦ ᠪᠤᠯᠤᠨ᠎ᠠ᠃