ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠤᠷᠤᠨ᠎ᠤ᠎ᠬᠢᠨ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠳᠠᠭ᠋ᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2023-12-19

       12 ᠰᠠᠷ᠎ᠠ ᠵᠢᠨ 7᠎ᠤ ᠡᠳᠦᠷ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠭᠣᠣᠯ ᠰᠡᠳᠦᠪᠲᠦ ᠬᠥᠮᠦᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ᠎ᠬᠢᠨ᠎ᠠᠴᠠ ᠣᠢ᠌ᠯᠠᠭ᠋ᠠᠭᠰᠠᠨ᠎ᠨᠢ ᠵᠶ᠋ᠡᠷ ᠦᠨᠤ ᠵᠢᠯ᠎ᠤᠨ 12 ᠳ᠋ᠤᠭ᠋ᠠᠷ ᠰᠠᠷ᠎ᠠ᠎ᠠᠴᠠ ᠬᠤᠢ᠌ᠳᠤᠨ ᠵᠢᠯ᠎ᠤᠨ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠨᠢᠭᠡᠳᠦᠭᠡᠷ ᠪᠦᠯᠦᠭ᠎ᠤᠨ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭᠰᠢᠯᠡᠭᠦᠯᠵᠦ᠂ ᠬᠣᠶᠠᠳᠤᠭ᠋ᠠᠷ ᠪᠦᠯᠦᠭ᠎ᠤᠨ ᠭᠣᠣᠯ ᠰᠡᠳᠦᠪᠲᠦ ᠬᠥᠮᠦᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠬᠤ ᠵᠢᠨ ᠲᠥᠯᠥᠭᠡ ᠮᠠᠨ᠎ᠤ ᠣᠷᠣᠨ ᠭᠣᠣᠯ ᠰᠡᠳᠦᠪᠲᠦ ᠬᠥᠮᠦᠵᠢᠯ᠎ᠤᠨ ᠳᠤᠮᠳᠠ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ  ᠰᠤᠨᠤᠰᠤᠨ᠂ ᠨᠠᠮ ᠵᠶ᠋ᠠᠨ ᠳᠠᠭ᠋ᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ (ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠭᠡᠵᠦ ᠲᠦᠬᠦᠮᠴᠢᠯᠡᠶ᠎ᠡ) ᠥᠷᠨᠢᠭᠦᠯᠬᠦ ᠪᠤᠯᠤᠨ᠎ᠠ᠃
      ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ᠎ᠨᠢ ᠨᠠᠮ᠎ᠤᠨ ᠣᠨᠣᠯ᠎ᠤᠨ ᠰᠢᠨ᠎ᠡ ᠡᠭᠦᠳᠦᠯᠲᠡ᠎ᠪᠠᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ ᠵᠢ ᠱᠤᠭᠤᠬᠤ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠰᠡᠳᠦᠪᠲᠦ ᠬᠥᠮᠦᠵᠢᠯ᠎ᠢ ᠰᠤᠷᠤᠯᠴᠠᠨ ᠲᠤᠭᠤᠰᠢᠯᠠᠭᠤᠯᠬᠤ᠎ᠪᠠᠷ ᠶᠡᠷᠦᠩᠬᠡᠢ ᠵᠢᠯᠣᠭᠣᠳᠤᠯᠭ᠎ᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ  ᠪᠠᠳᠤᠳᠬᠠᠬᠤ᠎ᠪᠠᠷ ᠭᠣᠣᠯ ᠱᠤᠭᠤᠮ ᠪᠣᠯᠭ᠋ᠠᠵᠤ᠂ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠰᠢᠯᠢᠳᠡᠭ ᠤᠯᠠᠮᠵᠢᠯᠠᠯ᠎ᠢ ᠰᠤᠷᠤᠯᠴᠠᠨ ᠳᠡᠯᠭᠡᠷᠡᠭᠦᠯᠬᠦ᠎ᠪᠠᠷ ᠴᠢᠬᠤᠯᠠ ᠪᠠᠷᠢᠴᠨ ᠪᠤᠯᠭ᠋ᠠᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠪᠠᠷ ᠲᠦᠰᠢᠭ ᠪᠣᠯᠭ᠋ᠠᠵᠤ᠂ ᠭᠣᠣᠯᠳᠠᠯᠭ᠎ᠠ᠎ᠪᠠᠨ ᠭᠠᠴᠠᠭ᠎ᠠ ᠲᠣᠰᠬᠣᠨ ᠪᠠ ᠨᠡᠢ᠌ᠭᠡᠮ ᠲᠣᠭᠣᠷᠢᠭ᠎ᠲᠤ ᠬᠠᠨᠳᠤᠭᠤᠯᠵᠤ᠂ ᠪᠠᠢ᠌ᠭᠤᠯᠭ᠎ᠠ᠂ ᠠᠵᠤ ᠠᠬᠤᠢ᠌ᠯᠠᠯ᠂ ᠰᠤᠷᠭ᠋ᠠᠭᠤᠯᠢ ᠵᠡᠷᠭᠡ ᠡᠯ᠎ᠡ ᠬᠦᠷᠢᠶ᠎ᠡ ᠴᠠᠷᠠᠭ᠎ᠠ ᠵᠢ ᠬᠠᠮᠤᠷᠴᠤ᠂ 《ᠲᠠᠪᠤᠨ ᠥᠭᠦᠯᠡᠪᠦᠷᠢ》 ᠵᠢᠨ ᠪᠣᠳᠠᠲᠤ ᠤᠳᠬ᠎ᠠ ᠠᠭᠤᠯᠭ᠎ᠠ ᠪᠠ ᠶᠣᠰᠣ ᠤᠴᠢᠷ᠎ᠢ ᠲᠣᠳᠣᠷᠬᠠᠢ ᠶᠠᠷᠢᠵᠤ᠂ ᠬᠥᠮᠥᠰ᠎ᠤᠨ ᠰᠡᠳᠬᠢᠯ᠎ᠳᠤ ᠬᠠᠳᠠᠩᠰᠢᠵᠤ᠂ ᠰᠢ ᠵᠢᠨ ᠫᠢᠩ ᠶᠡᠷᠦᠩᠬᠡᠢ ᠱᠦᠵᠢ ᠪᠣᠯᠣᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠤᠨ ᠠᠷᠠᠳ ᠲᠦᠮᠡᠨ᠎ᠢ ᠬᠠᠯᠠᠮᠵᠢᠯᠠᠨ ᠳᠡᠮᠵᠢᠵᠦ ᠪᠠᠢ᠌ᠭ᠎ᠠ ᠵᠢ  ᠪᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠤᠨ ᠠᠷᠤ᠎ᠳᠤ᠎ᠬᠢ ᠦᠯᠢᠭᠡᠷ᠎ᠢ ᠰᠠᠢ᠌ᠲᠤᠷ ᠶᠠᠷᠢᠵᠤ᠂ ᠨᠠᠮ᠎ᠤᠨ ᠭᠡᠰᠢᠭᠦᠨ ᠺᠠᠳ᠋ᠷ ᠪᠣᠯᠣᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠬᠠᠮᠳᠤ᠎ᠪᠠᠷ ᠴᠢᠨᠡᠭᠡᠯᠢᠭᠵᠢᠬᠦ᠂ ᠢᠷᠡᠭᠡᠳᠦᠢ᠎ᠪᠠᠨ ᠬᠠᠮᠳᠤ᠎ᠪᠠᠷ ᠴᠣᠭᠴᠠᠯᠠᠬᠤ ᠲᠡᠢ᠌ᠰᠢ ᠵᠢ ᠪᠣᠳᠠᠲᠠᠢ ᠲᠥᠷᠥᠭᠳᠡᠯ᠎ᠲᠠᠢ ᠪᠦᠬᠡᠳ ᠪᠦᠲᠦᠮᠵᠢᠲᠡᠢ ᠬᠦᠳᠤᠯᠬᠦ ᠪᠤᠯᠤᠨ᠎ᠠ᠃
   ᠠᠵᠢᠯ ᠵᠶ᠋ᠠᠨ ᠠᠬᠢᠭᠤᠯᠬᠤ ᠶᠠᠪᠤᠴᠠ᠎ᠳᠤ ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠠᠳᠠᠯᠢ ᠪᠤᠰᠤ ᠱᠠᠲᠤ ᠳᠠᠪᠬᠤᠷᠭ᠎ᠠ᠂ ᠠᠳᠠᠯᠢ ᠪᠤᠰᠤ ᠬᠦᠷᠢᠶ᠎ᠡ ᠬᠡᠪᠴᠢᠶ᠎ᠡ᠂ ᠠᠳᠠᠯᠢ ᠪᠤᠰᠤ ᠬᠦᠮᠦᠰ ᠵᠶ᠋ᠡᠷ ᠬᠤᠪᠢᠶᠠᠷᠢᠯᠠᠵᠤ᠎ᠤ᠂ ᠬᠠᠪᠰᠤᠷᠤᠨ ᠵᠢᠯᠤᠭᠣᠳᠬᠤ ᠪᠢᠴᠢᠭ᠂ ᠬᠦᠭᠵᠢᠬᠦᠯᠤᠯᠳᠡ ᠵᠢᠨ ᠳᠠᠩᠰᠠ᠂ ᠠᠷᠠᠳ᠎ᠲᠤ ᠠᠰᠢᠭ ᠬᠦᠷᠲᠡᠭᠡᠬᠦ ᠺᠠᠷᠲ᠂ ᠰᠤᠷᠤᠭᠴᠢᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠯᠧᠺᠼᠢ᠂ ᠣᠳᠣᠬᠢᠴᠢᠯᠠᠭᠰᠠᠨ ᠬᠦᠭᠵᠢᠬᠦᠯᠤᠯᠳᠡ ᠵᠢᠨ ᠵᠢᠷᠤᠭ ᠲᠥᠰᠥᠪ᠂ ᠬᠤᠪᠢᠰᠬᠠᠯᠲᠤ ᠤᠳᠬ᠎ᠠ ᠤᠷᠠᠯᠢᠭ᠎ᠤᠨ ᠰᠣᠳᠣᠨ ᠪᠦᠲᠦᠭᠡᠯ ᠵᠡᠷᠭᠡ 《ᠵᠢᠷᠭᠤᠭ᠋ᠠᠨ ᠵᠦᠢ᠍ᠯ᠎ᠤᠨ ᠠᠴᠢᠶᠠᠯᠠᠪᠤᠷᠢ》 ᠵᠢ ᠰᠠᠢ᠌ᠲᠤᠷ ᠬᠡᠷᠡᠭᠯᠡᠵᠦ᠂ ᠤᠯᠠᠨ ᠲᠦᠮᠡᠨ᠎ᠤ ᠳᠡᠷᠭᠡᠳᠡᠬᠢ ᠶᠠᠪᠤᠳᠠᠯ᠂ ᠥᠩᠭᠡᠷᠡᠭᠦᠯᠦᠭᠰᠡᠨ ᠶᠠᠪᠤᠳᠠᠯ ᠵᠶ᠋ᠠᠷ ᠶᠣᠰᠣ ᠤᠴᠢᠷ᠎ᠢ ᠲᠣᠳᠣᠷᠬᠠᠢ᠌ᠯᠠᠵᠤ᠂ ᠥᠪᠥᠷ ᠮᠣᠩᠭᠣᠯ᠎ᠤᠨ ᠬᠥᠭᠵᠢᠯᠲᠡ ᠬᠤᠪᠢᠷᠠᠯᠲᠠ ᠵᠢ ᠤᠬᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳᠤ ᠨᠠᠮ᠎ᠤᠨ ᠠᠴᠢ ᠵᠢ ᠮᠡᠳᠡᠬᠦ᠂ ᠨᠠᠮ᠎ᠤᠨ ᠰᠠᠢ᠌ᠨ᠎ᠢ ᠳᠤᠷᠠᠰᠬᠤ᠂ ᠨᠠᠮ᠎ᠤᠨ ᠴᠢᠳᠠᠪᠤᠷᠢ ᠵᠢ ᠢᠳᠡᠬᠡᠬᠦ ᠳᠤᠮᠳᠠ᠎ᠠᠴᠠ ᠨᠠᠮ᠎ᠤᠨ ᠠᠴᠢ ᠵᠢ ᠮᠡᠳᠡᠷᠡᠵᠤ᠂ ᠨᠠᠮ᠎ᠤᠨ ᠦᠭᠡ ᠵᠢ  ᠰᠤᠨᠤᠰᠤᠨ᠂ ᠨᠠᠮ ᠵᠶ᠋ᠠᠨ ᠲᠠᠭ᠋ᠠᠬᠤ ᠲᠡᠢ᠌ᠰᠢ ᠵᠢᠯᠤᠭᠤᠳᠤᠨ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠪᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠰᠦᠷ ᠳᠠᠯᠠᠢ᠌ᠴᠠᠲᠠᠢ ᠬᠦᠴᠦᠨ ᠴᠢᠳᠠᠯ᠎ᠢ ᠨᠢᠭᠲᠠᠷᠠᠭᠤᠯᠬᠤ ᠬᠡᠷᠡᠭᠲᠡᠢ᠃


 



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠲᠠᠭ᠋ᠠᠬᠤ》 ᠤᠯᠠᠨ ᠲᠦᠮᠡᠨᠴᠢ ᠬᠦᠮᠤᠵᠢᠯ ᠦᠢ᠍ᠯᠡᠳᠤᠯᠬᠡ ᠵᠢᠨ ᠠᠵᠢᠯᠯᠠᠭ᠎ᠠ ᠵᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ᠎ᠤᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠬᠣᠶᠠᠳᠤᠭ᠋ᠠᠷ ᠲᠤᠭᠤᠢ᠌ᠯᠠᠡᠭ᠎ᠤᠨ᠎ᠬᠢᠨ ᠠᠵᠤ ᠠᠬᠤᠢ᠌ᠯᠠᠯ ᠪᠣᠯᠣᠨ ᠠᠢ᠌ᠮᠠᠭ ᠬᠤᠳᠠ᠎ᠳᠤ ᠬᠦᠷᠴᠡᠢ
ᠥᠪᠥᠷ ᠮᠣᠩᠭᠣᠯ᠎ᠤᠨ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠢ ᠥᠷᠲᠡᠭ 1700 ᠳ᠋ᠦᠩᠰᠢᠭᠤᠷ ᠲᠥᠭᠥᠷᠢᠭ᠎ᠢ ᠳᠠᠪᠠᠵᠤ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ
ᠮᠠᠨ᠎ᠤ ᠣᠷᠣᠨ᠎ᠤ ᠣᠯᠠᠨ ᠲᠠᠯ᠎ᠠ ᠵᠢᠨ ᠬᠦᠴᠦᠨ ᠭᠠᠨᠰᠤ ᠵᠢᠨ ᠭᠠᠵᠠᠷ ᠬᠥᠳᠡᠯᠦᠯᠲᠡ ᠵᠢᠨ ᠭᠠᠮᠰᠢᠭᠳᠠᠭᠰᠠᠨ ᠣᠷᠣᠨ᠎ᠤ᠎ᠬᠢᠨ᠎ᠢ ᠲᠤᠰᠠᠯᠠᠵᠤ ᠪᠠᠢ᠌ᠨ᠎ᠠ
ᠮᠠᠨ᠎ᠤ ᠤᠷᠤᠨ ᠭᠠᠨᠰᠤ ᠮᠤᠵᠢ ᠵᠢᠨ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠠᠵᠢᠯ᠎ᠢ ᠢᠳᠡᠪᠬᠢᠲᠡᠢ ᠲᠡᠮᠵᠢᠵᠤ᠂ ᠭᠠᠮᠰᠢᠭ᠎ᠠᠴᠠ ᠠᠪᠤᠷᠠᠬᠤ 2 ᠲᠦᠮᠡᠨ ᠪᠣᠳᠠᠰ᠎ᠢ ᠪᠠᠴᠢᠮ ᠲᠡᠭᠡᠭᠡᠪᠦᠷᠢᠯᠡᠪᠡ
ᠲᠦᠷᠦᠭᠦᠸ᠋ 11 ᠰᠠᠷ᠎ᠠ᠎ᠳᠤ ᠮᠠᠨ᠎ᠤ ᠤᠷᠤᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 21.9%᠎ᠪᠠᠷ ᠨᠡᠮᠡᠭᠳᠡᠵᠦ ᠪᠥᠬᠥ ᠤᠯᠤᠰ᠎ᠲᠤ ᠬᠤᠶᠠᠳᠤᠭ᠋ᠠᠷ᠎ᠲᠤ ᠤᠷᠤᠪᠠ
 
            