ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠦᠡᠭᠯᠢᠶᠦᠤ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ᠎ᠬᠢᠨ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠳᠠᠭ᠋ᠠᠬᠤ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄ 2023-12-19

     ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠦᠷᠬᠡᠳᠬᠡᠵᠤ᠂ 《ᠨᠠᠮ᠎ᠤᠨ ᠠᠴᠢ ᠵᠢ ᠮᠡᠳᠡᠷᠡᠵᠤ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠳᠠᠭ᠋ᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯ᠎ᠢ ᠰᠠᠢ᠌ᠳᠤᠷ ᠬᠢᠬᠦ ᠵᠢᠨ ᠲᠦᠯᠤᠬᠡ ᠲᠦᠩᠯᠢᠶᠣᠣ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 12 ᠳ᠋ᠤᠭ᠋ᠠᠷ ᠰᠠᠷ᠎ᠠ ᠵᠢᠨ 7᠎ᠤ ᠡᠳᠦᠷ ᠲᠦᠩᠯᠢᠶᠣᠣ ᠬᠤᠳᠠ ᠵᠢᠨ ᠨᠠᠮ᠎ᠤᠨ ᠰᠤᠷᠭ᠋ᠠᠭᠤᠯᠢ ᠵᠢᠨ ᠯᠢᠦ ᠹᠦ᠋ ᠶᠢᠩ ᠫᠷᠤᠹᠥᠰᠰᠤᠷ᠎ᠢ ᠤᠷᠢᠵᠤ ᠬᠢᠴᠢᠶᠡᠯ ᠤᠷᠤᠭᠤᠯᠪᠠ᠂ ᠲᠦᠡᠭᠯᠢᠶᠤᠤ ᠬᠤᠷᠠᠯ᠎ᠢ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠣᠪᠴᠢᠶᠠᠨ᠎ᠤ ᠳᠡᠳ᠋ ᠳᠠᠷᠤᠭ᠎ᠠ ᠳ᠋ᠦ᠋ ᠴᠧᠨ ᠬᠤᠢ ᠬᠢᠴᠢᠶᠡᠯ᠎ᠢ ᠬᠦᠳᠤᠯᠵᠤ᠂ ᠲᠦᠡᠭᠯᠢᠶᠤᠤ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠂ ᠬᠣᠷᠴᠢᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠨᠡᠭᠡᠭᠡᠨ ᠬᠦᠭᠵᠢᠬᠦᠯᠬᠦ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠭᠡᠰᠢᠭᠦᠨ ᠺᠠᠳ᠋ᠷ  ᠵᠠᠭᠤᠭ᠋ᠠᠳ ᠬᠦᠮᠦᠨ ᠣᠷᠣᠯᠴᠠᠪᠠ᠃
      ᠯᠢᠦ ᠹᠦ᠋ ᠶᠢᠩ ᠫᠷᠤᠹᠧᠰᠰᠤᠷ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠲᠠᠭ᠋ᠠᠶ᠎ᠠ》 ᠭᠡᠬᠦ ᠭᠣᠣᠯ ᠰᠡᠳᠦᠪ ᠎ᠤᠨ ᠲᠤᠭᠤᠷᠢᠨ᠎ᠳᠤ 《ᠲᠠᠪᠤᠨ ᠥᠭᠦᠯᠡᠪᠦᠷᠢ》 ᠵᠢᠨ ᠪᠣᠳᠠᠲᠤ ᠤᠳᠬ᠎ᠠ ᠪᠠ ᠶᠣᠰᠣ ᠤᠴᠢᠷ᠎ᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠠᠯᠪᠢᠵᠤ ᠪᠠᠢ᠌ᠭ᠎ᠠ ᠭᠦᠨ ᠵᠤᠵᠠᠭ᠋ᠠᠨ ᠬᠠᠢ᠌ᠷ᠎ᠠ ᠪᠠ ᠬᠦᠨᠳᠦ ᠨᠠᠶ᠋ᠢᠳᠠᠯᠭ᠎ᠠ ᠵᠢ ᠭᠦᠨᠵᠡᠭᠡᠢ ᠤᠢ᠌ᠯᠠᠭ᠋ᠠᠨ᠂ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (《ᠰᠠᠨᠠᠯ》 ᠭᠡᠵᠦ ᠲᠦᠬᠦᠮᠴᠢᠯᠡᠶ᠎ᠡ)᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠪᠥᠬᠥ ᠲᠠᠯ᠎ᠠ᠎ᠪᠠᠷ ᠡᠵᠡᠮᠰᠢᠵᠦ᠂ ᠠᠴᠢ ᠬᠠᠷᠢᠭᠤᠯᠬᠤ ᠰᠡᠳᠬᠢᠯᠭᠡ ᠪᠠ ᠡᠷᠡᠯᠬᠡᠭᠯᠡᠨ ᠤᠷᠤᠭᠰᠢᠯᠠᠬᠤ ᠵᠣᠷᠢᠭ ᠵᠶ᠋ᠠᠷ 《ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠳᠥᠷᠪᠡᠨ ᠲᠠᠯ᠎ᠠ ᠵᠢ ᠰᠠᠢ᠌ᠲᠤᠷ ᠠᠳᠬᠤᠬᠤ ᠲᠤᠬᠠᠢ  ᠭᠦᠨᠵᠡᠭᠡᠢ ᠪᠥᠭᠡᠳ ᠣᠢ᠌ᠯᠠᠭ᠋ᠠᠮᠵᠢᠲᠠᠢ᠂ ᠪᠦᠬᠦ ᠲᠠᠯ᠎ᠠ ᠵᠢᠨ ᠪᠦᠬᠡᠳ ᠰᠢᠰᠲ᠋ᠧᠮ᠎ᠲᠠᠢ ᠲᠠᠢ᠌ᠯᠪᠤᠷᠢᠯᠠᠬᠰᠠᠨ᠎ᠨᠢ ᠭᠣᠣᠯ ᠰᠡᠳᠦᠪ᠎ᠨᠢ ᠢᠯᠡ ᠲᠣᠳᠣ᠂ ᠠᠭᠤᠯᠤᠭᠳᠠᠬᠤᠨ᠎ᠨᠢ ᠭᠦᠨ ᠭᠦᠨᠵᠡᠭᠡᠢ ᠪᠠᠢ᠌ᠯ᠎ᠠ᠃ ᠡᠨᠡ ᠬᠦ᠌ ᠬᠢᠴᠢᠶᠡᠯ᠎ᠨᠢ ᠲᠦᠡᠭᠯᠢᠶᠤᠤ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ ᠨᠠᠮ᠎ᠤᠨ ᠭᠡᠰᠢᠭᠦᠨ ᠺᠠᠳ᠋ᠷᠴᠤᠳ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠭᠣᠣᠯ ᠰᠢᠵᠢᠮ᠎ᠢ ᠴᠢᠩᠭ᠎ᠠ ᠡᠵᠡᠮᠳᠡᠵᠦ᠂ 《ᠲᠠᠪᠤᠨ ᠥᠭᠦᠯᠡᠪᠦᠷᠢ》 ᠵᠢᠨ ᠪᠣᠳᠠᠲᠤ ᠤᠳᠬ᠎ᠠ ᠠᠭᠣᠯᠭ᠎ᠠ ᠪᠣᠯᠣᠨ ᠶᠣᠰᠣ ᠤᠴᠢᠷ᠎ᠤᠨ ᠲᠤᠬᠠᠢ ᠣᠢ᠌ᠯᠠᠭ᠋ᠠᠯᠲᠠ᠎ᠪᠠᠨ ᠲᠠᠰᠤᠷᠠᠯᠳᠡ ᠦᠭᠡᠢ ᠭᠦᠨᠵᠡᠭᠡᠢ᠌ᠷᠡᠭᠦᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠋ᠠᠨ᠎ᠤ ᠪᠠᠶᠠᠯᠢᠭ ᠠᠭᠤᠯᠤᠭᠳᠠᠬᠤᠨ ᠪᠣᠯᠣᠨ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ 《ᠰᠠᠨᠠᠯ》 ᠎ᠤᠨ ᠵᠣᠷᠢᠭ ᠰᠠᠨᠠᠭ᠎ᠠ ᠵᠢ ᠴᠢᠨᠠᠭᠰᠢᠳᠠ ᠨᠠᠢ᠌ᠳᠠᠪᠤᠷᠢᠵᠢᠭᠤᠯᠬᠤ᠎ᠨᠢ ᠴᠢᠬᠤᠯᠠ ᠤᠨᠤᠯ᠎ᠤᠨ ᠠᠴᠢ ᠬᠣᠯᠪᠣᠭᠳᠠᠯ ᠪᠣᠯᠣᠨ ᠦᠢ᠍ᠯᠡᠳᠦᠯᠭᠡ ᠵᠢᠨ ᠦᠨ᠎ᠡ ᠦᠷᠳᠡᠭ᠎ᠲᠠᠢ ᠪᠢᠯᠨ᠃
 






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠤᠷᠤᠨ᠎ᠤ᠎ᠬᠢᠨ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠳᠠᠭ᠋ᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠪᠡ
《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠲᠠᠭ᠋ᠠᠬᠤ》 ᠤᠯᠠᠨ ᠲᠦᠮᠡᠨᠴᠢ ᠬᠦᠮᠤᠵᠢᠯ ᠦᠢ᠍ᠯᠡᠳᠤᠯᠬᠡ ᠵᠢᠨ ᠠᠵᠢᠯᠯᠠᠭ᠎ᠠ ᠵᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ᠎ᠤᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠬᠣᠶᠠᠳᠤᠭ᠋ᠠᠷ ᠲᠤᠭᠤᠢ᠌ᠯᠠᠡᠭ᠎ᠤᠨ᠎ᠬᠢᠨ ᠠᠵᠤ ᠠᠬᠤᠢ᠌ᠯᠠᠯ ᠪᠣᠯᠣᠨ ᠠᠢ᠌ᠮᠠᠭ ᠬᠤᠳᠠ᠎ᠳᠤ ᠬᠦᠷᠴᠡᠢ
ᠥᠪᠥᠷ ᠮᠣᠩᠭᠣᠯ᠎ᠤᠨ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠢ ᠥᠷᠲᠡᠭ 1700 ᠳ᠋ᠦᠩᠰᠢᠭᠤᠷ ᠲᠥᠭᠥᠷᠢᠭ᠎ᠢ ᠳᠠᠪᠠᠵᠤ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ
ᠮᠠᠨ᠎ᠤ ᠣᠷᠣᠨ᠎ᠤ ᠣᠯᠠᠨ ᠲᠠᠯ᠎ᠠ ᠵᠢᠨ ᠬᠦᠴᠦᠨ ᠭᠠᠨᠰᠤ ᠵᠢᠨ ᠭᠠᠵᠠᠷ ᠬᠥᠳᠡᠯᠦᠯᠲᠡ ᠵᠢᠨ ᠭᠠᠮᠰᠢᠭᠳᠠᠭᠰᠠᠨ ᠣᠷᠣᠨ᠎ᠤ᠎ᠬᠢᠨ᠎ᠢ ᠲᠤᠰᠠᠯᠠᠵᠤ ᠪᠠᠢ᠌ᠨ᠎ᠠ
ᠮᠠᠨ᠎ᠤ ᠤᠷᠤᠨ ᠭᠠᠨᠰᠤ ᠮᠤᠵᠢ ᠵᠢᠨ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠠᠵᠢᠯ᠎ᠢ ᠢᠳᠡᠪᠬᠢᠲᠡᠢ ᠲᠡᠮᠵᠢᠵᠤ᠂ ᠭᠠᠮᠰᠢᠭ᠎ᠠᠴᠠ ᠠᠪᠤᠷᠠᠬᠤ 2 ᠲᠦᠮᠡᠨ ᠪᠣᠳᠠᠰ᠎ᠢ ᠪᠠᠴᠢᠮ ᠲᠡᠭᠡᠭᠡᠪᠦᠷᠢᠯᠡᠪᠡ
 
            