ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ ᠪᠠᠢ᠌ᠭᠤᠯᠤᠭᠳᠠᠭᠰᠠᠨ 70 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠬᠢᠪᠡ ᠪᠦᠦ ᠰᠢᠶᠠᠨ ᠬᠤᠸᠠ ᠶᠠᠩ ᠵᠢᠶᠧ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ
ᠨᠡᠶᠢᠲᠡᠯᠡᠭᠰᠡᠨ ᠴᠠᠭ᠄ 2023-12-19

    12 ᠰᠠᠷ᠎ᠠ ᠵᠢᠨ 18᠎ᠤ ᠡᠳᠦᠷ ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ ᠪᠠᠢ᠌ᠭᠤᠯᠤᠭᠳᠠᠭᠰᠠᠨ 70 ᠵᠢᠯ᠎ᠤᠨ ᠣᠶ ᠵᠢ ᠪᠡᠯᠭᠡᠯᠡᠬᠦ ᠶᠡᠬᠡ ᠬᠤᠷᠠᠯ ᠬᠢᠪᠡ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠶᠠᠩ ᠵᠢᠶᠧ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ᠃
    ᠪᠦᠦ ᠰᠢᠶᠠᠨ ᠬᠤᠸᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠮᠦᠨ᠎ᠡ᠎ᠠᠴᠠ ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ ᠪᠠᠢ᠌ᠭᠤᠯᠤᠭᠳᠠᠭᠰᠠᠨ 70 ᠵᠢᠯ᠎ᠤᠨ ᠣᠶ᠎ᠳᠤ ᠪᠠᠶᠠᠷ ᠬᠦᠷᠬᠡᠭᠰᠡᠨ ᠪᠦᠬᠡᠳ ᠰᠤᠷᠭ᠋ᠠᠭᠤᠯᠢ ᠵᠢᠨ᠎ᠬᠢᠨ 〈ᠤᠯᠤᠰ᠎ᠤᠨ ᠶᠡᠬᠡ ᠶᠠᠪᠤᠳᠠᠯ〉᠎ᠢ ᠪᠠᠲᠤ ᠴᠡᠭᠡᠵᠢᠯᠡᠵᠦ᠂ ᠨᠠᠮ᠎ᠤᠨ ᠤᠳᠤᠷᠢᠳᠤᠯᠭ᠎ᠠ ᠵᠢ ᠦᠷᠭᠦᠯᠵᠢᠯᠡᠨ ᠴᠢᠩᠭ᠋ᠠᠳᠬᠠᠨ ᠰᠠᠢ᠌ᠵᠢᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠦᠨᠡᠨ ᠬᠦ᠌ ᠪᠠᠲᠤᠳᠬᠠᠵᠤ᠂ ᠬᠠᠮᠢᠶᠠᠷᠤᠯᠲᠠ ᠵᠢᠨ ᠥᠭᠡᠷᠡᠴᠢᠯᠡᠯᠲᠡ ᠪᠣᠯᠣᠨ ᠳᠦᠷᠢᠮ᠎ᠤᠨ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠢ ᠨᠡᠢ᠌ᠭᠡᠮ᠎ᠤᠨ ᠬᠦᠭᠵᠢᠯᠳᠡ᠎ᠳᠤ ᠦᠢ᠍ᠯᠡᠴᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠲᠡᠷᠢᠭᠦᠨ᠎ᠤ᠎ᠬᠢ᠎ᠲᠠᠢ ᠬᠠᠷᠢᠴᠠᠭᠤᠯᠤᠨ ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠰᠤᠷᠭ᠋ᠠᠭᠤᠯᠢ ᠵᠢᠨ ᠲᠤᠳᠤᠭ᠋ᠠᠳᠤ ᠠᠭᠤᠯᠬᠤᠨ ᠪᠦᠬᠦᠢ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠢᠯᠡ ᠲᠣᠳᠣ ᠤᠨᠴᠠᠯᠢᠭ᠎ᠲᠠᠢ᠂ ᠣᠷᠣᠨ ᠪᠦᠰᠡ ᠵᠢᠨ ᠥᠨᠳᠥᠷ ᠲᠦᠪᠰᠢᠨ᠎ᠲᠠᠢ ᠦᠨᠳᠦᠰᠦᠲᠡᠨ᠎ᠤ ᠶᠡᠬᠡ ᠰᠤᠷᠭ᠋ᠠᠭᠤᠯᠢ ᠪᠤᠯᠭ᠋ᠠᠨ ᠪᠠᠢ᠌ᠭᠤᠯᠬᠤ ᠵᠢ ᠬᠦᠰᠡᠭᠰᠡᠨᠨ ᠪᠠᠢ᠌ᠨ᠎ᠠ᠃


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠡᠭᠯᠢᠶᠦᠤ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ᠎ᠬᠢᠨ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠳᠠᠭ᠋ᠠᠬᠤ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠥᠷᠨᠢᠭᠦᠯᠵᠡᠢ
ᠮᠠᠨ᠎ᠤ ᠤᠷᠤᠨ᠎ᠤ᠎ᠬᠢᠨ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠳᠠᠭ᠋ᠠᠬᠤ》 ᠣᠯᠠᠨ ᠲᠦᠮᠡᠨᠴᠢ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠪᠡ
《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠲᠠᠭ᠋ᠠᠬᠤ》 ᠤᠯᠠᠨ ᠲᠦᠮᠡᠨᠴᠢ ᠬᠦᠮᠤᠵᠢᠯ ᠦᠢ᠍ᠯᠡᠳᠤᠯᠬᠡ ᠵᠢᠨ ᠠᠵᠢᠯᠯᠠᠭ᠎ᠠ ᠵᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ᠎ᠤᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠬᠣᠶᠠᠳᠤᠭ᠋ᠠᠷ ᠲᠤᠭᠤᠢ᠌ᠯᠠᠡᠭ᠎ᠤᠨ᠎ᠬᠢᠨ ᠠᠵᠤ ᠠᠬᠤᠢ᠌ᠯᠠᠯ ᠪᠣᠯᠣᠨ ᠠᠢ᠌ᠮᠠᠭ ᠬᠤᠳᠠ᠎ᠳᠤ ᠬᠦᠷᠴᠡᠢ
ᠥᠪᠥᠷ ᠮᠣᠩᠭᠣᠯ᠎ᠤᠨ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠢ ᠥᠷᠲᠡᠭ 1700 ᠳ᠋ᠦᠩᠰᠢᠭᠤᠷ ᠲᠥᠭᠥᠷᠢᠭ᠎ᠢ ᠳᠠᠪᠠᠵᠤ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ
ᠮᠠᠨ᠎ᠤ ᠣᠷᠣᠨ᠎ᠤ ᠣᠯᠠᠨ ᠲᠠᠯ᠎ᠠ ᠵᠢᠨ ᠬᠦᠴᠦᠨ ᠭᠠᠨᠰᠤ ᠵᠢᠨ ᠭᠠᠵᠠᠷ ᠬᠥᠳᠡᠯᠦᠯᠲᠡ ᠵᠢᠨ ᠭᠠᠮᠰᠢᠭᠳᠠᠭᠰᠠᠨ ᠣᠷᠣᠨ᠎ᠤ᠎ᠬᠢᠨ᠎ᠢ ᠲᠤᠰᠠᠯᠠᠵᠤ ᠪᠠᠢ᠌ᠨ᠎ᠠ
 
            