ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠤᠷᠤᠨ ᠭᠠᠨᠰᠤ ᠮᠤᠵᠢ ᠵᠢᠨ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠠᠵᠢᠯ᠎ᠢ ᠢᠳᠡᠪᠬᠢᠲᠡᠢ ᠲᠡᠮᠵᠢᠵᠤ᠂ ᠭᠠᠮᠰᠢᠭ᠎ᠠᠴᠠ ᠠᠪᠤᠷᠠᠬᠤ 2 ᠲᠦᠮᠡᠨ ᠪᠣᠳᠠᠰ᠎ᠢ ᠪᠠᠴᠢᠮ ᠲᠡᠭᠡᠭᠡᠪᠦᠷᠢᠯᠡᠪᠡ
ᠨᠡᠶᠢᠲᠡᠯᠡᠭᠰᠡᠨ ᠴᠠᠭ᠄ 2023-12-20

    12 ᠳ᠋ᠤᠭ᠋ᠠᠷ ᠰᠠᠷ᠎ᠠ ᠵᠢᠨ 18᠎ᠤ 23 ᠴᠠᠭ 59 ᠮᠢᠨᠦ᠋ᠲ᠎ᠲᠤ ᠭᠠᠨᠰᠤ ᠮᠤᠵᠢ ᠵᠢᠨ ᠯᠢᠨᠰᠢᠶᠠ ᠵᠧᠦ ᠵᠢᠨ ᠵᠢᠢ ᠱ᠌ᠢ ᠱᠠᠨ ᠰᠢᠶᠠᠨ᠎ᠤ 6.2 ᠲᠠᠰ᠎ᠤᠨ ᠭᠠᠵᠠᠷ  ᠬᠦᠳᠡᠯᠦᠭᠰᠡᠨ᠎ᠤ ᠳᠠᠷᠠᠭ᠎ᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ᠎ᠪᠠᠷ ᠲᠡᠷᠨ ᠳᠠᠷᠤᠢ ᠬᠤᠷᠠᠯ ᠬᠤᠷᠠᠯᠳᠤᠭᠤᠯᠵᠤ᠂ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠠᠵᠢᠯ᠎ᠤᠨ ᠪᠠᠢ᠌ᠳᠠᠯ᠎ᠢ ᠵᠠᠳᠠᠯᠤᠨ ᠮᠠᠭ᠋ᠠᠳᠯᠠᠵᠤ᠂ ᠭᠠᠨᠰᠤ ᠮᠤᠵᠢ ᠵᠢᠨ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠠᠵᠢᠯ᠎ᠢ ᠪᠠᠢ᠌ᠷᠢᠯᠠᠭᠤᠯᠪᠠ᠃
   ᠮᠠᠨ᠎ᠤ ᠣᠷᠣᠨ  ᠭᠠᠮᠰᠢᠭ᠎ᠠᠴᠠ ᠠᠪᠤᠷᠠᠬᠤ ᠡᠳ᠋ ᠪᠣᠳᠠᠰ᠎ᠢ ᠪᠠᠴᠢᠮ ᠲᠡᠭᠡᠭᠡᠪᠦᠷᠢᠯᠡᠬᠦ ᠠᠯᠬᠤᠮ᠎ᠢ ᠲᠠᠷᠤᠢ ᠲᠦᠷᠬᠡᠨ  ᠡᠬᠢᠯᠡᠬᠦᠯᠵᠤ᠂ ᠭᠠᠮᠰᠢᠭ᠎ᠠᠴᠠ ᠠᠪᠤᠷᠠᠬᠤ 2 ᠲᠦᠮᠡᠨ ᠡᠳ᠋ ᠪᠣᠳᠠᠰ᠎ᠢ ᠪᠠᠴᠢᠮ ᠲᠣᠬᠢᠷᠠᠭᠤᠯᠪᠠ᠂ ᠡᠭᠦᠨ᠎ᠳᠤ ᠬᠥᠪᠥᠩ ᠳ᠋ᠠᠴᠠᠩ 5000᠂ ᠬᠥᠪᠥᠩ ᠬᠥᠨᠵᠢᠯᠡ ᠳᠡᠪᠢᠰᠬᠡᠷ 5000᠂ ᠨᠣᠣᠰᠣᠨ ᠬᠡᠪᠢᠰ 5000᠂ ᠬᠥᠪᠥᠩ ᠮᠠᠯᠠᠭ᠋ᠠᠢ 2000᠂ ᠬᠥᠪᠥᠩ ᠪᠡᠭᠡᠯᠡᠢ 2000᠂ ᠴᠠᠬᠢᠯᠭ᠋ᠠᠨ ᠳᠤᠯᠠᠭ᠋ᠠᠮᠵᠢ 500᠂ ᠴᠠᠬᠢᠯᠭ᠋ᠠᠨ ᠳᠡᠪᠦᠷ᠎ᠡ 500 ᠪᠠᠢ᠌ᠵᠤ᠂ ᠭᠠᠮᠰᠢᠭᠳᠠᠭᠰᠠᠨ ᠣᠯᠠᠨ ᠲᠦᠮᠡᠨ᠎ᠢ ᠪᠡᠷᠬᠡ ᠲᠠᠪᠠᠭ᠎ᠠ ᠵᠢ ᠲᠠᠪᠠᠬᠤ᠎ᠳᠤ ᠲᠤᠰᠨ ᠪᠤᠯᠪᠠ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ᠎ᠬᠢᠨ ᠪᠠᠰᠨ ᠲᠡᠷᠡ ᠳᠠᠷᠤᠢ᠎ᠳᠤ᠎ᠨᠢ ᠪᠠᠴᠢᠮ᠎ᠢ  ᠠᠷᠭ᠋ᠠᠴᠠᠭ᠋ᠠᠬᠤ ᠶᠠᠮᠤᠨ᠎ᠤ ᠠᠪᠤᠷᠠᠨ ᠲᠤᠰᠠᠯᠠᠬᠤ ᠵᠣᠬᠢᠴᠠᠭᠤᠯᠬᠤ ᠲᠣᠪᠴᠢᠶ᠎ᠠ᠎ᠳᠤ ᠮᠡᠳᠡᠭᠦᠯᠦᠨ ᠳᠠᠩᠰᠠᠯᠠᠭᠤᠯᠵᠤ᠂ ᠭᠠᠨᠰᠤ ᠮᠤᠵᠢ ᠵᠢᠨ ᠪᠠᠴᠢᠮ᠎ᠢ  ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ᠎ᠬᠢᠨ᠎ᠲᠠᠢ ᠠᠪᠤᠷᠠᠨ ᠲᠤᠰᠠᠯᠠᠬᠤ ᠡᠩᠨᠡᠭᠡ ᠵᠢᠨ ᠪᠠᠢ᠌ᠳᠠᠯ᠎ᠢ ᠵᠣᠯᠭ᠋ᠠᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠲᠤᠰᠠᠯᠠᠮᠵᠢ ᠭᠤᠶᠤᠴᠢᠯᠠᠬᠤ ᠵᠢᠨ ᠬᠠᠮᠲᠤ ᠠᠯᠠᠱ᠌ᠠ ᠠᠢ᠌ᠮᠠᠭ᠂ ᠦᠬᠠᠢ ᠬᠤᠳᠠ ᠵᠢᠨ ᠬᠣᠶᠠᠷ ᠭᠠᠵᠠᠷ᠎ᠤᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ᠂ ᠤᠢ ᠰᠢᠭᠤᠢ ᠵᠢᠨ ᠭᠠᠯ ᠤᠨᠲᠠᠷᠠᠭ᠋ᠠᠬᠤ᠂  ᠠᠶᠤᠯ ᠦᠬᠡᠢ ᠦᠢ᠍ᠯᠡᠳᠪᠦᠷᠢᠯᠡᠯ᠎ᠤᠨ ᠲᠤᠰᠬᠠᠢ ᠠᠪᠤᠷᠠᠨ ᠲᠤᠰᠠᠯᠠᠬᠤ ᠡᠩᠨᠡᠭᠡ ᠵᠢᠨ ᠨᠡᠢ᠍ᠢ᠍ᠳᠡ 200 ᠬᠥᠮᠥᠨ ᠪᠠ ᠢᠵᠢ ᠪᠦᠷᠢᠳᠦᠭᠰᠡᠨ ᠲᠤᠨᠤᠭ ᠲᠥᠬᠦᠭᠡᠷᠦᠮᠵᠢ ᠵᠢ ᠳᠠᠷᠤᠢ᠌ᠬᠠᠨ ᠲᠠᠢ᠍ᠢ᠍ᠨ᠎ᠤ ᠪᠡᠯᠡᠳᠬᠡᠯ᠎ᠤᠨ ᠪᠠᠢ᠌ᠳᠠᠯ᠎ᠳᠤ ᠣᠷᠣᠭᠤᠯᠵᠤ᠂ ᠴᠠᠭ ᠢᠮᠠᠭᠲᠠ ᠭᠠᠮᠰᠢᠭᠳᠠᠭᠰᠠᠨ ᠣᠷᠣᠨ᠎ᠳᠤ ᠬᠦᠷᠴᠦ ᠠᠶᠤᠯ᠎ᠠᠴᠠ ᠠᠪᠤᠷᠠᠨ ᠲᠤᠰᠠᠯᠠᠬᠤ᠎ᠳᠤ ᠣᠷᠣᠯᠴᠠᠬᠤ᠎ᠪᠠᠷ ᠪᠡᠯᠡᠳᠬᠡᠯ᠎ᠲᠠᠢ ᠪᠠᠢ᠌ᠬᠤ ᠬᠡᠷᠡᠭᠳᠡᠢ ᠭᠡᠵᠦ ᠱᠠᠭ᠋ᠠᠷᠳᠠᠵᠠᠢ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠪᠣᠯᠣᠨ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠢᠨ᠎ᠬᠢᠨ ᠲᠤᠰᠠᠯᠠᠮᠵᠢ ᠵᠢᠨ ᠡᠳ᠋ ᠪᠣᠳᠠᠰ᠎ᠤᠨ ᠲᠦᠷᠭᠡᠨ ᠬᠦᠷᠬᠡᠬᠦ ᠵᠢ ᠪᠠᠲᠤᠯᠠᠬᠤ ᠵᠢᠨ ᠲᠥᠯᠥᠭᠡ ᠪᠠᠴᠢᠮ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠡᠷᠨ ᠲᠠᠷᠤᠢ ᠬᠡᠷᠡᠭᠵᠢᠭᠦᠯᠵᠦ᠂ ᠭᠠᠨᠰᠤ ᠮᠤᠵᠢ ᠵᠢᠨ ᠯᠢᠨᠰᠢᠶᠠ ᠵᠧᠦ ᠵᠢᠨ ᠵᠢᠢ ᠱ᠌ᠢ ᠱᠠᠨ ᠰᠢᠶᠠᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠲᠣᠪᠴᠢᠶ᠎ᠠ ᠵᠢᠨ᠎ᠬᠢᠨ᠎ᠲᠠᠢ ᠢᠳᠡᠪᠬᠢᠲᠡᠢ ᠵᠣᠯᠭ᠋ᠠᠭᠤᠯᠵᠤ᠂ 《ᠰᠠᠭ᠋ᠠᠳ ᠦᠭᠡᠢ ᠵᠠᠮ》 ᠎ᠢ  ᠨᠡᠪᠳᠡᠷᠡᠬᠦᠯᠤᠨ᠂ ᠲᠤᠰᠠᠯᠠᠠᠮᠵᠢ ᠵᠢᠨ ᠡᠳ᠋ ᠪᠣᠳᠠᠰ᠎ᠢ ᠲᠡᠭᠡᠭᠡᠭᠰᠡᠨ ᠲᠡᠷᠬᠡ 12 ᠳ᠋ᠤᠭ᠋ᠠᠷ ᠰᠠᠷ᠎ᠠ ᠵᠢᠨ 19 ᠎ᠤ ᠣᠷᠣᠢ ᠮᠣᠷᠳᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠣᠨ 2400 ᠲᠦᠮᠡᠨ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠭᠦᠨ ᠵᠤᠵᠠᠭ᠋ᠠᠨ ᠬᠠᠢ᠌ᠷ᠎ᠠ ᠰᠡᠳᠬᠢᠯᠭᠡ ᠵᠢ ᠭᠠᠮᠰᠢᠭᠳᠠᠭᠰᠠᠨ ᠣᠷᠣᠨ᠎ᠤ ᠠᠷᠠᠳ ᠲᠦᠮᠡᠨ᠎ᠳᠤ ᠬᠠᠮᠤᠭ᠎ᠤᠨ ᠲᠦᠷᠭᠡᠨ ᠬᠦᠷᠬᠡᠬᠦ ᠪᠤᠯᠤᠨ᠎ᠠ᠃




 



ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠷᠦᠭᠦᠸ᠋ 11 ᠰᠠᠷ᠎ᠠ᠎ᠳᠤ ᠮᠠᠨ᠎ᠤ ᠤᠷᠤᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 21.9%᠎ᠪᠠᠷ ᠨᠡᠮᠡᠭᠳᠡᠵᠦ ᠪᠥᠬᠥ ᠤᠯᠤᠰ᠎ᠲᠤ ᠬᠤᠶᠠᠳᠤᠭ᠋ᠠᠷ᠎ᠲᠤ ᠤᠷᠤᠪᠠ
ᠤᠰᠤᠨ ᠠᠰᠢᠭᠯᠠᠯᠲᠠ ᠵᠢᠨ ᠶᠠᠮᠤᠨ 26 ᠵᠤᠷᠪᠤᠰ ᠭᠣᠣᠯᠳᠠᠯᠭ᠎ᠠ᠎ᠲᠠᠢ ᠠᠷᠭ᠎ᠠ ᠨᠡᠢ᠌ᠲᠡᠯᠡᠵᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠣᠯᠠᠨ ᠲᠠᠯ᠎ᠠ᠎ᠪᠠᠷ ᠳᠡᠮᠵᠢᠪᠡ
《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠲᠠᠭ᠋ᠠᠬᠤ》 ᠤᠯᠠᠨ ᠲᠦᠮᠡᠨᠴᠢ ᠬᠦᠮᠤᠵᠢᠯ ᠦᠢ᠍ᠯᠡᠳᠤᠯᠬᠡ ᠵᠢᠨ ᠠᠵᠢᠯᠯᠠᠭ᠎ᠠ ᠵᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ᠎ᠤᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠨᠢᠬᠡᠳᠤᠬᠡᠷ ᠲᠤᠭᠤᠢ᠌ᠯᠠᠡᠭ᠎ᠤᠨ᠎ᠬᠢᠨ ᠤᠷᠤᠨ᠎ᠤ ᠰᠢᠭᠤᠳ ᠬᠠᠷᠢᠶ᠎ᠠ ᠠᠵᠤ ᠠᠬᠤᠢ᠌ᠯᠠᠯ᠂ ᠬᠣᠶᠠᠷ ᠰᠢᠨ᠎ᠡ ᠵᠣᠬᠢᠶᠠᠨ ᠪᠠᠢ᠌ᠭᠤᠯᠤᠯᠲᠠ ᠪᠣᠯᠣᠨ ᠠᠢ᠌ᠮᠠᠭ ᠬᠤᠳᠠ᠎ᠳᠤ ᠬᠦᠷᠴᠡᠢ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ᠎ᠤ ᠲᠦᠯᠤᠬᠡᠯᠡᠭᠴᠢᠳ᠎ᠤᠨ ᠪᠦᠯᠬᠦᠮ᠎ᠤᠨ ᠲᠠᠷᠤᠭ᠎ᠠ ᠨᠠᠷ ᠬᠤᠷᠠᠯ ᠬᠤᠷᠠᠯᠳᠤᠭᠤᠯᠪᠠ
ᠤᠯᠤᠰ᠎ᠤᠨ ᠣᠶ ᠰᠢᠭᠤᠢ ᠨᠤᠳᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠣᠶ ᠰᠢᠭᠤᠢ ᠨᠤᠳᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠢ᠌ᠳᠠᠢ ᠬᠦᠭᠵᠢᠯᠳᠡ ᠵᠢ 24 ᠠᠷᠭ᠎ᠠ᠎ᠪᠠᠷ ᠲᠡᠮᠵᠢᠬᠦ᠎ᠪᠠᠷ ᠪᠠᠢ᠌ᠨ᠎ᠠ
 
            