ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠲᠠᠭ᠋ᠠᠬᠤ》 ᠤᠯᠠᠨ ᠲᠦᠮᠡᠨᠴᠢ ᠬᠦᠮᠤᠵᠢᠯ ᠦᠢ᠍ᠯᠡᠳᠤᠯᠬᠡ ᠵᠢᠨ ᠠᠵᠢᠯᠯᠠᠭ᠎ᠠ ᠵᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ᠎ᠤᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠨᠢᠬᠡᠳᠤᠬᠡᠷ ᠲᠤᠭᠤᠢ᠌ᠯᠠᠡᠭ᠎ᠤᠨ᠎ᠬᠢᠨ ᠤᠷᠤᠨ᠎ᠤ ᠰᠢᠭᠤᠳ ᠬᠠᠷᠢᠶ᠎ᠠ ᠠᠵᠤ ᠠᠬᠤᠢ᠌ᠯᠠᠯ᠂ ᠬᠣᠶᠠᠷ ᠰᠢᠨ᠎ᠡ ᠵᠣᠬᠢᠶᠠᠨ ᠪᠠᠢ᠌ᠭᠤᠯᠤᠯᠲᠠ ᠪᠣᠯᠣᠨ ᠠᠢ᠌ᠮᠠᠭ ᠬᠤᠳᠠ᠎ᠳᠤ ᠬᠦᠷᠴᠡᠢ
ᠨᠡᠶᠢᠲᠡᠯᠡᠭᠰᠡᠨ ᠴᠠᠭ᠄ 2023-12-19

   《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠲᠠᠭ᠋ᠠᠬᠤ》 ᠥᠪᠡᠷᠲᠡᠭᠡᠨ ᠵᠠᠰᠠᠬᠤ ᠣᠷᠣᠨ᠎ᠤ ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ᠎ᠤᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠨᠢᠭᠡᠳᠦᠭᠡᠷ ᠲᠤᠭᠤᠢ᠌ᠯᠠᠡᠭ᠎ᠤᠨ᠎ᠬᠢᠨ ᠤᠷᠴᠢᠮ᠎ᠳᠤ ᠥᠪᠥᠷ ᠮᠣᠩᠭᠣᠯ᠎ᠤᠨ ᠬᠥᠳᠡᠭᠡ ᠲᠣᠰᠬᠣᠨ᠎ᠤ ᠢᠲᠡᠭᠡᠮᠵᠢ ᠵᠢᠨ ᠬᠤᠷᠰᠢᠶ᠎ᠠ ᠵᠢᠨ ᠬᠣᠯᠪᠣᠭ᠋ᠠᠲᠤ ᠬᠣᠷᠢᠶ᠎ᠠ᠂ ᠥᠪᠥᠷ ᠮᠣᠩᠭᠣᠯ᠎ᠤᠨ ᠥᠮᠴᠢᠯᠡᠯ᠎ᠤᠨ ᠡᠷᠬᠡ ᠵᠢᠨ ᠰᠤᠯᠢᠯᠴᠠᠭ᠋ᠠᠨ᠎ᠤ ᠲᠥᠪ᠂ 《ᠵᠢᠨ ᠢᠦᠢ》 ᠠᠮᠢᠳᠤ ᠪᠣᠳᠠᠰ᠎ᠤᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠠ ᠬᠢᠩᠭ᠋ᠠᠨ ᠠᠢ᠌ᠮᠠᠭ᠂ ᠲᠦᠩᠯᠢᠶᠣᠣ ᠬᠤᠳᠠ᠂ ᠤᠯᠠᠭ᠋ᠠᠨᠬᠠᠳᠠ ᠬᠤᠳᠠ᠎ᠳᠤ ᠬᠦᠷᠴᠤ ᠤᠬᠠᠭᠤᠯᠤᠨ ᠲᠠᠢ᠌ᠯᠪᠤᠷᠢᠯᠠᠯ᠎ᠠ᠃
    ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠭᠡᠰᠢᠭᠦᠨ᠂ ᠪᠥᠬᠥ ᠤᠯᠤᠰ᠎ᠤᠨ ᠬᠠᠮᠤᠭ᠎ᠤᠨ ᠰᠤᠳᠤᠨ ᠠᠯᠪᠠᠲᠠᠨ᠂ ᠤᠯᠠᠭ᠋ᠠᠨᠬᠠᠳᠠ ᠬᠤᠳᠠ ᠵᠢᠨ ᠬᠠᠷᠠᠴᠢᠨ ᠬᠣᠰᠢᠭᠤᠨ᠎ᠤ ᠡᠪᠯᠡᠯ᠎ᠤᠨ ᠬᠣᠷᠢᠶ᠎ᠠ ᠵᠢᠨ ᠱᠦᠵᠢ ᠯᠢᠦ ᠶᠧ ᠶᠠᠩ 12 ᠳ᠋ᠤᠭ᠋ᠠᠷ ᠰᠠᠷ᠎ᠠ ᠵᠢᠨ 5᠎ᠤ ᠡᠳᠦᠷ᠎ᠤᠨ ᠦᠳᠡ ᠵᠢᠨ ᠬᠣᠢ᠌ᠨ᠎ᠠ ᠥᠪᠥᠷ ᠮᠣᠩᠭᠣᠯ᠎ᠤᠨ ᠬᠥᠳᠡᠭᠡ ᠲᠣᠰᠬᠣᠨ᠎ᠤ ᠢᠲᠡᠭᠡᠮᠵᠢ ᠵᠢᠨ ᠬᠣᠷᠰᠢᠶ᠎ᠠ ᠵᠢᠨ ᠬᠣᠯᠪᠣᠭ᠋ᠠᠲᠤ ᠬᠣᠷᠰᠢᠶ᠎ᠠ᠎ᠳᠤ 《  ᠡᠮᠡᠬᠡᠯ ᠠᠭᠤᠯᠠᠨ᠎ᠳᠤ 〈ᠬᠥᠭᠵᠢᠭᠦᠯᠦᠨ ᠮᠠᠨᠳᠤᠭᠤᠯᠬᠤ〉 ᠲᠤᠬᠠᠢ ᠶᠠᠷᠢᠭᠰᠠᠨ ᠦᠭᠡ》 ᠭᠡᠬᠦ ᠰᠡᠳᠦᠪ ᠵᠶ᠋ᠡᠷ  ᠰᠢ ᠵᠢᠨ ᠫᠢᠩ ᠶᠡᠷᠦᠩᠬᠡᠢ ᠱᠦᠵᠢ ᠵᠢᠨ ᠡᠮᠡᠬᠡᠯ ᠠᠭᠤᠯᠨ ᠲᠣᠰᠬᠣᠨ᠎ᠳᠤ ᠰᠢᠨᠵᠢᠯᠡᠨ ᠪᠠᠢ᠌ᠴᠠᠭ᠋ᠠᠭᠰᠠᠨ ᠮᠠᠷᠲᠠᠭᠳᠠᠰᠢ ᠦᠭᠡᠢ ᠠᠬᠱ᠌ᠠᠨ ᠎ᠢ ᠣᠯᠠᠨ᠎ᠲᠠᠢ ᠬᠣᠪᠢᠶᠠᠯᠴᠠᠬᠤ᠎ᠳᠤ᠂ ᠠᠯᠠᠭ᠎ᠠ ᠲᠡᠰᠢᠯᠲᠡ ᠨᠢᠵᠢᠬᠢᠨᠡᠵᠤ ᠪᠠᠢ᠌ᠯ᠎ᠠ᠃ ᠤᠬᠠᠭᠤᠯᠤᠨ ᠲᠠᠢ᠌ᠯᠪᠤᠷᠢᠯᠠᠯᠳᠠ ᠵᠢ ᠰᠣᠨᠣᠰᠤᠭᠰᠠᠨ᠎ᠤ ᠳᠠᠷᠠᠭ᠎ᠠ ᠵᠢᠨ ᠬᠥ᠋ ᠲᠠᠷᠢᠶᠠᠯᠠᠩ ᠬᠤᠳᠠᠯᠳᠤᠭ᠋ᠠᠨ᠎ᠤ ᠪᠠᠩᠬᠢ ᠵᠢᠨ ᠡᠪᠯᠡᠯ᠎ᠤᠨ ᠬᠣᠷᠢᠶ᠎ᠠ ᠵᠢᠨ ᠳᠡᠳ᠋ ᠱᠦᠵᠢ ᠴᠢᠨ ᠴᠧᠨ᠄ 《ᠪᠢᠳᠡ ᠤᠬᠠᠮᠰᠠᠷ᠎ᠠᠴᠠ᠎ᠪᠠᠨ ᠨᠠᠮ ᠵᠶ᠋ᠠᠨ ᠪᠤᠳᠤᠵᠤ᠂ ᠨᠠᠮ᠎ᠤᠨ ᠲᠥᠪ ᠬᠣᠷᠢᠶ᠎ᠠ᠎ᠪᠠᠨ ᠪᠤᠳᠤᠵᠤ ᠪᠠᠢ᠌ᠭ᠎ᠠ ᠬᠤᠪᠢᠰᠬᠠᠯ᠎ᠤᠨ  ᠤᠳᠤᠮᠰᠢᠯ᠎ᠢ ᠵᠠᠯᠭ᠋ᠠᠮᠵᠢᠯᠠᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠵᠢᠨ ᠲᠣᠭᠣᠷᠢᠨ᠎ᠳᠤ ᠭᠣᠣᠯ ᠬᠠᠷᠢᠭᠤᠴᠠᠯᠭ᠎ᠠ ᠭᠣᠣᠯ ᠠᠵᠢᠯ ᠲᠡᠬᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠴᠢᠨᠠᠷ ᠰᠠᠢ᠌ᠲᠠᠢ ᠬᠦᠭᠵᠢᠬᠦᠯᠤᠯᠳᠡ᠎ᠳᠤ᠎ᠬᠢ ᠮᠥᠩᠭᠥᠨ ᠭᠦᠢ᠍ᠯᠭᠡᠭᠡᠨ᠎ᠤ᠎ᠬᠢᠨ᠎ᠤ ᠠᠬᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠥᠩᠭᠥᠨ ᠭᠦᠢ᠍ᠯᠭᠡᠭᠡᠨ᠎ᠤ ᠬᠦᠴᠦᠨ ᠵᠶ᠋ᠡᠷ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠬᠦᠭᠵᠢᠬᠦᠯᠤᠯᠳᠡ ᠵᠢᠨ ᠵᠠᠮ᠎ᠢ ᠡᠷᠢᠯᠬᠢᠯᠡᠵᠦ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠂ ᠭᠠᠵᠠᠷ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ ᠬᠦᠴᠦᠲᠡᠢ ᠪᠠᠷᠢᠴᠨ ᠪᠤᠯᠭ᠋ᠠᠨ᠎ᠠ》 ᠬᠡᠪᠡ᠃
    ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠨᠢᠬᠡᠳᠤᠬᠡᠷ ᠲᠤᠭᠤᠢ᠌ᠯᠠᠡᠭ᠎ᠤᠨ᠎ᠬᠢᠨ 12 ᠳ᠋ᠤᠭ᠋ᠠᠷ ᠰᠠᠷ᠎ᠠ ᠵᠢᠨ 6᠎ᠤ ᠡᠳᠦᠷ ᠥᠪᠥᠷ ᠮᠣᠩᠭᠣᠯ᠎ᠤᠨ ᠥᠮᠴᠢᠯᠡᠬᠦ ᠡᠷᠬᠡ ᠵᠢᠨ ᠰᠤᠯᠢᠯᠴᠠᠭ᠋ᠠᠨ᠎ᠤ ᠲᠥᠪ ᠪᠣᠯᠣᠨ 《ᠵᠢᠨ ᠢᠦᠢ》 ᠠᠮᠢᠳᠤ ᠪᠣᠳᠠᠰ᠎ᠤᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠳᠤ ᠬᠦᠷᠴᠦ ᠢᠷᠡᠪᠡ᠃
   ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠳᠠᠯᠠᠳ ᠬᠣᠰᠢᠭᠤᠨ᠎ᠤ ᠨᠠᠮ᠎ᠤᠨ ᠬᠣᠷᠢᠶ᠎ᠠ ᠵᠢᠨ ᠯᠧᠺᠲ᠋ᠣᠷ᠎ᠤᠨ ᠪᠦᠯᠬᠦᠮ᠎ᠤᠨ ᠯᠧᠺᠲ᠋ᠣᠷ ᠸᠠᠩ ᠶᠤᠸᠠᠨ ᠥᠪᠥᠷ ᠮᠣᠩᠭᠣᠯ᠎ᠤᠨ ᠥᠮᠴᠢᠯᠡᠯ᠎ᠤᠨ ᠡᠷᠬᠡ ᠵᠢᠨ ᠰᠣᠯᠢᠯᠴᠠᠭ᠋ᠠᠨ᠎ᠤ ᠲᠥᠪ᠎ᠲᠤ  《ᠠᠷᠠᠳ᠎ᠤᠨ ᠠᠮᠢᠳᠤᠷᠠᠯ᠎ᠤᠨ ᠰᠢᠯᠭ᠋ᠠᠯᠲᠠ ᠵᠢᠨ ᠬᠠᠭᠤᠳᠠᠰᠤ ᠵᠢ ᠬᠠᠷᠢᠭᠤᠯᠬᠤ᠎ᠳᠤ ᠤᠭ ᠰᠠᠨᠠᠭ᠎ᠠ ᠵᠢ ᠬᠠᠷᠠᠭᠤᠯᠤᠶ᠎ᠠ》 ᠭᠡᠬᠦ ᠰᠡᠳᠦᠪ ᠵᠶ᠋ᠡᠷ ᠳᠠᠯᠠᠳ ᠬᠣᠰᠢᠭᠤᠨ᠎ᠤ ᠭᠤᠸᠠᠨ ᠨᠢᠦ ᠵᠢᠦᠢ ᠲᠣᠰᠬᠣᠨ ᠨᠠᠮ᠎ᠤᠨ ᠪᠠᠢ᠌ᠭᠤᠯᠤᠯᠲᠠ ᠵᠢᠨ ᠵᠢᠯᠣᠭᠣᠳᠤᠯᠭ᠎ᠠ᠎ᠳᠤ ᠲᠦᠰᠢᠭᠯᠡᠨ᠂ 《ᠨᠢᠭᠡᠳᠦᠯᠲᠡᠢ ᠳᠠᠷᠢᠵᠤ ᠬᠠᠮᠳᠤ᠎ᠪᠠᠷ ᠪᠠᠶᠠᠵᠢᠵᠤ ᠬᠠᠮᠳᠤ᠎ᠪᠠᠷ ᠵᠠᠰᠠᠬᠤ》ᠵᠠᠭᠪᠤᠷ᠎ᠢ ᠬᠡᠷᠡᠭᠵᠢᠭᠦᠯᠵᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠰᠠᠨ᠂ ᠬᠥᠳᠡᠭᠡ ᠲᠣᠰᠬᠣᠨ᠎ᠤ ᠠᠮᠤᠷ ᠲᠣᠭᠲᠠᠭᠤᠨ ᠡᠶ᠎ᠡ ᠵᠣᠬᠢᠴᠠᠩᠭᠤᠢ ᠵᠣᠯ ᠵᠢᠷᠭ᠋ᠠᠯᠲᠤ ᠦᠯᠢᠭᠡᠷ᠎ᠢ ᠶᠠᠷᠢᠪᠠ᠃ ᠤᠬᠠᠭᠤᠯᠤᠨ ᠲᠠᠢ᠌ᠯᠪᠤᠷᠢᠯᠠᠯᠳᠠ ᠵᠢᠨ ᠳᠠᠷᠠᠭ᠎ᠠ᠂ ᠥᠪᠥᠷ ᠮᠣᠩᠭᠣᠯ᠎ᠤᠨ ᠥᠮᠴᠢᠯᠡᠬᠦ ᠡᠷᠬᠡ ᠵᠢᠨ  ᠰᠤᠯᠢᠯᠴᠠᠭ᠋ᠠᠨ᠎ᠤ ᠲᠥᠪ᠎ᠤᠨ ᠠᠵᠢᠯᠲᠠᠨ ᠴᠢᠨ ᠷᠦᠩ᠄ 《ᠪᠢᠳᠡ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠦᠷᠭᠦᠯᠵᠢᠯᠡᠨ ᠪᠠᠳᠠᠷᠠᠭᠤᠯᠵᠤ᠂ ᠥᠪᠥᠷ ᠮᠣᠩᠭᠣᠯ᠎ᠤᠨ ᠥᠮᠴᠢᠯᠡᠯ᠎ᠤᠨ ᠡᠷᠬᠡ ᠵᠢᠨ  ᠰᠤᠯᠢᠯᠴᠠᠭ᠋ᠠᠨ᠎ᠤ ᠲᠥᠪ᠎ᠤᠨ ᠡᠬᠢ ᠡᠭᠦᠰᠦᠯ᠎ᠤᠨ ᠢᠯᠵᠢᠷᠡᠯ᠎ᠢ ᠰᠡᠷᠭᠡᠢ᠌ᠯᠡᠬᠦ ᠬᠠᠯᠬᠠᠪᠴᠢ ᠵᠢᠨ ᠦᠢ᠍ᠯᠡᠳᠦᠯ᠂ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ᠂ ᠮᠡᠳᠡᠭᠡ ᠵᠠᠩᠭᠢ ᠵᠢ ᠲᠥᠪᠯᠡᠷᠡᠭᠦᠯᠦᠨ ᠨᠡᠢ᠌ᠲᠡᠯᠡᠭ᠊ ᠊ᠤ᠋᠂ ᠥᠮᠴᠢᠯᠡᠯ᠎ᠤᠨ ᠡᠷᠬᠡ ᠵᠢ ᠡᠷᠭᠢᠯᠳᠦᠭᠦᠯᠦᠨ ᠭᠦᠢ᠍ᠯᠭᠡᠭᠡᠬᠦ᠂ ᠴᠢᠬᠤᠯᠠ ᠡᠯᠧᠮᠧᠨ᠋ᠲ᠎ᠢ ᠠᠷᠪᠢᠯᠠᠨ ᠡᠷᠴᠢᠮᠵᠢᠭᠦᠯᠬᠦ᠂ ᠡᠳ᠋ ᠬᠥᠷᠥᠩᠭᠡ ᠵᠢᠨ ᠦᠷᠳᠡᠭ᠎ᠢ ᠢᠯᠡᠷᠡᠭᠦᠯᠬᠦ ᠴᠢᠳᠠᠪᠬᠢ ᠵᠢᠨ ᠦᠢ᠍ᠯᠡᠳᠦᠯ᠎ᠢ ᠪᠠᠳᠠᠷᠠᠭᠤᠯᠵᠤ᠂ ᠪᠦᠬᠦ ᠣᠷᠣᠨ᠎ᠤ ᠨᠢᠭᠡᠳᠦᠯᠲᠡᠢ᠂ ᠪᠦᠬᠦ ᠤᠯᠤᠰ᠎ᠢ ᠬᠣᠯᠪᠣᠭᠰᠠᠨ ᠪᠦᠬᠦ ᠡᠬᠢ ᠪᠠᠶᠠᠯᠢᠭ᠂ ᠪᠦᠬᠦ ᠡᠳ᠋ ᠬᠥᠷᠥᠩᠭᠡ᠂ ᠪᠦᠬᠦ ᠡᠯᠧᠮᠧᠨ᠋ᠲ᠂ ᠪᠦᠬᠦ ᠬᠦᠷᠢᠶ᠎ᠡ ᠴᠠᠷᠠᠭ᠎ᠠ᠂ ᠪᠦᠬᠦ ᠦᠶᠡᠯᠡᠯ᠎ᠤᠨ ᠬᠤᠭᠤᠴᠠᠭ᠋ᠠᠨ᠎ᠤ ᠴᠢᠬᠤᠯᠠ ᠡᠯᠧᠮᠧᠨ᠋ᠲ᠎ᠤᠨ ᠵᠠᠬ᠎ᠠ ᠳᠡᠯᠭᠡᠭᠦᠷ᠎ᠢ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ》ᠭᠡᠵᠦ ᠬᠡᠯᠡᠪᠡ᠃
    ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠪᠦᠷᠢᠯᠳᠦᠭᠦᠨ᠂ ᠤᠯᠠᠭ᠋ᠠᠨᠬᠠᠳᠠ ᠬᠤᠳᠠ ᠵᠢᠨ ᠠᠷᠤ ᠬᠣᠷᠴᠢᠨ ᠬᠣᠰᠢᠭᠤᠨ᠎ᠤ  ᠰᠢᠶᠠᠨ ᠹᠸᠡᠭ ᠰᠢᠶᠠᠩ᠎ᠤᠨ ᠳᠡᠳ᠋ ᠳᠠᠷᠤᠭ᠎ᠠ ᠯᠢᠨ ᠪᠦᠦ ᠰᠸᠨ 《ᠵᠢᠨ ᠢᠦᠢ》 ᠠᠮᠢᠳᠤ ᠪᠣᠳᠠᠰ᠎ᠤᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠳᠤ ᠠᠮᠢᠳᠤᠯᠢᠭ ᠰᠠᠢ᠌ᠬᠠᠨ ᠦᠭᠡ ᠬᠡᠯᠡ᠎ᠪᠠᠷ ᠤᠯᠠᠨ᠎ᠲᠠᠢ ᠦᠨᠳᠦᠰᠦᠨ ᠱᠠᠲᠤᠨ᠎ᠤ ᠠᠵᠢᠯ᠎ᠤᠨ ᠳᠤᠮᠳᠠᠬᠢ ᠮᠠᠷᠲᠠᠭᠳᠠᠰᠢ ᠦᠭᠡᠢ ᠴᠠᠭ ᠮᠥᠴᠡ᠎ᠪᠠᠨ ᠬᠤᠪᠢᠶᠠᠯᠴᠠᠪᠠ᠃  《ᠵᠢᠨ ᠢᠦᠢ》 ᠠᠮᠢᠳᠤ ᠪᠣᠳᠠᠰ᠎ᠤᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠨᠠᠮ᠎ᠤᠨ ᠬᠣᠷᠢᠶᠠᠨ᠎ᠤ ᠳᠡᠳ᠋ ᠱᠦᠵᠢ ᠵᠠᠩ ᠵᠠᠨ ᠹᠦ᠋᠄ 《ᠲᠤᠰ ᠤᠳᠠᠭ᠎ᠠ ᠵᠢᠨ ᠤᠬᠠᠭᠤᠯᠤᠨ ᠲᠠᠢ᠌ᠯᠪᠤᠷᠢᠯᠠᠯᠲᠠ᠎ᠨᠢ ᠪᠢᠳᠡᠨ᠎ᠤ ᠢᠲᠡᠭᠡᠯ ᠵᠣᠷᠢᠭ᠎ᠢ ᠨᠡᠮᠡᠭᠳᠡᠭᠦᠯᠵᠦ᠂ ᠡᠷᠴᠢ ᠵᠣᠷᠢᠭ᠎ᠢ ᠬᠥᠭᠵᠢᠭᠡᠭᠰᠡᠨ ᠪᠥᠭᠡᠳ ᠲᠤᠬᠠᠢ᠌ᠯᠠᠭᠰᠠᠨ ᠠᠵᠢᠯ᠎ᠳᠤ᠎ᠪᠠᠨ ᠰᠠᠭᠤᠷᠢᠯᠠᠵᠤ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠬᠤ ᠵᠢ ᠵᠣᠷᠢᠭᠵᠢᠭᠤᠯᠪᠠ᠃ ᠳᠠᠷᠠᠭ᠋ᠠᠴᠢ᠎ᠪᠠᠷ ᠪᠢᠳᠡ ᠨᠠᠮ᠎ᠤᠨ ᠭᠡᠰᠢᠭᠦᠳ᠎ᠢ ᠳᠠᠶ᠋ᠢᠴᠢᠯᠠᠨ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠲᠡᠷᠢᠬᠦᠨ᠎ᠤ ᠮᠡᠷᠭᠡᠵᠢᠯ᠎ᠢ ᠰᠦᠪᠡᠭᠴᠢᠯᠡᠵᠦ ᠬᠡᠷᠡᠭᠯᠡᠨ᠂ ᠠᠹᠷᠢᠺᠠ ᠲᠢᠪ᠎ᠤᠨ ᠭᠠᠬᠠᠢ ᠵᠢᠨ ᠬᠢᠵᠢᠭ᠂ ᠦᠬᠡᠷ᠎ᠤᠨ ᠭᠦᠪᠲᠦᠷᠦᠦ᠂ ᠪᠷᠦ᠋ᠼᠧᠯ ᠡᠪᠡᠳᠴᠢᠨ ᠵᠡᠷᠭᠡ ᠠᠮᠢᠲᠠᠨ᠎ᠤ ᠬᠢᠵᠢᠭ᠎ᠤᠨ ᠸᠠᠺᠼᠢᠨ᠎ᠢ ᠰᠤᠳᠤᠯᠤᠨ ᠪᠤᠭᠤᠮᠳᠠ ᠰᠢᠪᠳᠤᠯᠤᠨ᠎ᠠ》 ᠭᠡᠵᠡᠢ᠃
   ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠨᠢᠭᠡᠳᠦᠭᠡᠷ  ᠲᠤᠭᠤᠢ᠌ᠯᠠᠡᠭ᠎ᠤᠨ᠎ᠬᠢᠨ 12 ᠳ᠋ᠤᠭ᠋ᠠᠷ ᠰᠠᠷ᠎ᠠ ᠵᠢᠨ 7 ᠂ 8 ᠎ᠤ ᠡᠳᠦᠷ ᠬᠢᠩᠭ᠋ᠠᠨ ᠠᠢ᠌ᠮᠠᠭ᠎ᠲᠤ 3 ᠤᠳᠠᠭ᠎ᠠ ᠤᠬᠠᠭᠤᠯᠤᠨ ᠲᠠᠢ᠌ᠯᠪᠤᠷᠢᠯᠠᠪᠠ᠃ 5 ᠤᠬᠠᠭᠤᠯᠤᠨ ᠲᠠᠢ᠌ᠯᠪᠤᠷᠢᠯᠠᠭᠴᠢ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠷᠴᠢᠨ ᠪᠠᠯᠭ᠋ᠠᠰᠤ ᠵᠢᠨ ᠫᠢᠩ ᠠᠨ ᠲᠣᠰᠬᠣᠨ᠂ ᠤᠯᠠᠭ᠋ᠠᠨᠬᠣᠲᠠ ᠵᠢᠨ ᠲᠣᠯᠢᠨ ᠵᠡᠭᠡᠯᠢ ᠵᠢᠨ ᠲᠥ᠋ᠩ ᠹᠧᠢ ᠨᠡᠢ᠌ᠭᠡᠮ ᠲᠣᠭᠣᠷᠢᠭ ᠪᠣᠯᠣᠨ ᠢᠯᠠᠯᠳᠠ ᠪᠠᠯᠭ᠋ᠠᠰᠤ ᠵᠢᠨ ᠢᠯᠠᠯᠳᠠ ᠭᠠᠴᠠᠭ᠎ᠠ᠎ᠳᠤ ᠬᠦᠷᠴᠦ᠂ ᠪᠣᠷᠣᠭᠵᠢᠭᠤᠨ ᠦᠭᠡ ᠬᠡᠯᠡ᠂ ᠠᠮᠢᠳᠤᠯᠢᠭ ᠵᠢᠱ᠌ᠢᠶ᠎ᠡ᠂ ᠴᠢᠩ ᠦᠨᠡᠨᠴᠢ ᠰᠡᠳᠬᠢᠯᠭᠡ᠎ᠪᠠᠷ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠺᠠᠳ᠋ᠷ ᠪᠣᠯᠣᠨ ᠤᠯᠠᠨ ᠲᠦᠮᠡᠨ᠎ᠳᠤ ᠤᠨᠤᠯ ᠪᠠ ᠲᠦᠷᠦ ᠵᠢᠨ ᠪᠣᠳᠣᠯᠭ᠎ᠠ ᠵᠢ ᠶᠠᠷᠢᠵᠤ ᠥᠭᠴᠡᠢ᠃ 《ᠰᠢᠨ᠎ᠡ ᠴᠠᠭ ᠦᠶ᠎ᠡ ᠵᠢᠨ ᠵᠠᠯᠠᠭᠤ ᠲᠣᠰᠬᠣᠨ᠎ᠤ ᠺᠠᠳ᠋ᠷ ᠪᠣᠯᠤᠭᠰᠠᠨ᠎ᠤ ᠬᠤᠪᠢ᠎ᠳᠤ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠴᠤᠭ ᠪᠠᠳᠠᠷᠠᠩᠭᠤᠢ ᠣᠪᠣᠷ ᠪᠠᠢ᠌ᠳᠠᠯ ᠨᠡᠩ ᠬᠠᠷᠢᠭᠤᠴᠠᠯᠭ᠎ᠠ᠎ᠲᠠᠢ ᠵᠢᠳᠬᠦᠯ ᠴᠢᠷᠮᠠᠢ᠌ᠯᠭ᠎ᠠ᠎ᠪᠠᠷ ᠵᠶ᠋ᠠᠨ ᠲᠣᠰᠬᠣᠨ᠎ᠤ ᠪᠦᠲᠦᠭᠡᠨ ᠪᠠᠢ᠌ᠭᠤᠯᠤᠯᠲᠠ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠵᠦ᠂ ᠦᠨᠡᠨ ᠰᠡᠳᠬᠢᠯ᠎ᠠᠴᠠ᠎ᠪᠠᠨ ᠠᠷᠠᠳ ᠤᠯᠠᠨ᠎ᠳᠤ ᠰᠠᠢ᠌ᠨ ᠶᠠᠪᠤᠳᠠᠯ ᠪᠣᠳᠠᠲᠠᠢ ᠶᠠᠪᠤᠳᠠᠯ ᠬᠢᠵᠦ ᠥᠭᠬᠦ  ᠬᠢᠨ᠎ᠡ》 ᠭᠡᠵᠦ ᠫᠢᠩ ᠠᠨ ᠲᠣᠰᠬᠣᠨ᠎ᠤ ᠨᠠᠮ᠎ᠤᠨ ᠡᠭᠦᠷ᠎ᠤᠨ ᠤᠬᠠᠭᠤᠯᠬᠤ ᠭᠡᠰᠢᠭᠦᠨ ᠸᠠᠩ ᠳ᠋ᠠᠨ ᠳ᠋ᠠᠨ ᠬᠡᠯᠡᠪᠡ᠃
     ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠨᠢᠭᠡᠳᠦᠭᠡᠷ  ᠲᠤᠭᠤᠢ᠌ᠯᠠᠡᠭ᠎ᠤᠨ᠎ᠬᠢᠨ 12 ᠳ᠋ᠤᠭ᠋ᠠᠷ ᠰᠠᠷ᠎ᠠ ᠵᠢᠨ 9 ᠎ᠠᠴᠠ 11 ᠎ᠤ ᠡᠳᠦᠷ ᠲᠦᠩᠯᠢᠶᠣᠣ ᠬᠤᠳᠠ ᠵᠢᠨ ᠵᠠᠷᠤᠳ ᠬᠣᠰᠢᠭᠤᠨ᠎ᠤ ᠦᠯᠵᠡᠢ᠌ᠮᠦ᠋ᠷᠡᠨ ᠰᠤᠮᠤ ᠵᠢᠨ ᠴᠠᠭ᠋ᠠᠨᠨᠠᠭᠤᠷ ᠭᠠᠴᠠᠭ᠎ᠠ ᠵᠡᠷᠭᠡ ᠭᠠᠵᠠᠷ᠎ᠲᠤ ᠬᠦᠷᠴᠦ 3 ᠲᠠᠯᠠᠪᠤᠷ ᠤᠬᠠᠭᠤᠯᠤᠨ ᠲᠠᠢ᠌ᠯᠪᠤᠷᠢᠯᠠᠪᠠ᠃ ᠴᠠᠭ᠋ᠠᠨᠨᠠᠭᠤᠷ ᠭᠠᠴᠠᠭ᠎ᠠ᠎ᠳᠤ ᠯᠢᠦ ᠶᠧ ᠶᠠᠩ ᠵᠡᠷᠭᠡ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ 5 ᠭᠡᠰᠢᠭᠦᠨ ᠲᠤᠬᠠᠢ ᠵᠢᠨ ᠭᠠᠵᠠᠷ᠎ᠤᠨ ᠨᠠᠮ᠎ᠤᠨ ᠭᠡᠰᠢᠭᠦᠨ ᠺᠠᠳ᠋ᠷ ᠪᠣᠯᠣᠨ ᠮᠠᠯᠴᠢᠨ ᠲᠠᠷᠢᠶᠠᠴᠢᠨ᠎ᠲᠠᠢ ᠬᠠᠮᠲᠤ ᠮᠣᠩᠭᠣᠯ ᠭᠡᠷ᠎ᠲᠤ ᠰᠠᠭᠤᠵᠤ᠂ ᠠᠵᠢᠯ᠂ ᠰᠤᠷᠤᠯᠴᠠᠯᠭ᠎ᠠ ᠵᠢᠨ ᠣᠢ᠌ᠯᠠᠭ᠋ᠠᠯᠲᠠ᠎ᠲᠠᠢ᠎ᠪᠠᠨ ᠤᠶᠠᠯᠳᠤᠭᠤᠯᠵᠤ᠂ ᠳᠡᠷᠭᠡᠳᠡᠬᠢ ᠨᠡᠢ᠌ᠲᠡᠯᠢᠭ ᠵᠢᠱ᠌ᠢᠶ᠎ᠡ᠂ ᠡᠳᠦᠭᠡ ᠥᠩᠭᠡᠷᠡᠭᠰᠡᠨ᠎ᠤ ᠬᠤᠪᠢᠷᠠᠯᠲᠠ ᠵᠢ ᠶᠠᠷᠢᠵᠤ᠂ ᠤᠯᠠᠨ᠎ᠳᠤ ᠨᠠᠮ᠎ᠤᠨ ᠤᠳᠤᠷᠢᠳᠤᠯᠭ᠎ᠠ ᠳᠣᠣᠷ᠎ᠠ  ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ ᠰᠢ ᠵᠢᠨ ᠫᠢᠩ ᠶᠡᠷᠦᠩᠬᠡᠢ ᠱᠦᠵᠢ ᠵᠢ ᠰᠠᠯᠤᠯ ᠦᠭᠡᠢ ᠲᠠᠭ᠋ᠠᠵᠦ᠂ ᠰᠢᠨ᠎ᠡ ᠠᠶᠠᠨ᠎ᠳᠤ᠎ᠪᠠᠨ ᠡᠷᠡᠯᠬᠡᠭᠯᠡᠨ ᠤᠷᠤᠭᠰᠢᠯᠠᠭᠰᠠᠨ ᠠᠮᠢᠳᠤᠯᠢᠭ ᠦᠢ᠍ᠯᠡᠳᠦᠯᠭᠡ ᠵᠢ ᠦᠵᠡᠭᠦᠯᠵᠡᠢ᠃ ᠴᠠᠭ᠋ᠠᠨᠨᠠᠭᠤᠷ ᠭᠠᠴᠠᠭ᠎ᠠ ᠵᠢᠨ ᠨᠠᠮ᠎ᠤᠨ ᠡᠭᠦᠷ᠎ᠤᠨ ᠱᠦᠵᠢ ᠬᠤᠪᠢᠰᠬᠠᠯᠳᠤ᠄ 《ᠲᠠᠪᠤᠨ ᠤᠬᠠᠭᠤᠯᠤᠨ ᠲᠠᠢ᠌ᠯᠪᠤᠷᠢᠯᠠᠭᠴᠢ ᠵᠢᠨ  ᠲᠠᠢ᠌ᠯᠪᠤᠷᠢ ᠵᠢ ᠰᠣᠨᠣᠰᠤᠭ᠋ᠠᠳ ᠲᠤᠢ᠌ᠯ ᠵᠶ᠋ᠠᠷ ᠰᠡᠳᠬᠢᠯ  ᠲᠤᠬᠳᠤᠯᠵᠤ ᠪᠠᠢ᠌ᠨ᠎ᠠ᠂ ᠲᠡᠳᠡ ᠮᠠᠰᠢ ᠤᠯᠠᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠮᠠᠯᠴᠢᠨ ᠲᠠᠷᠢᠶᠠᠴᠢᠨ᠎ᠢ ᠳᠠᠭ᠋ᠠᠭᠤᠯᠤᠨ ᠶᠠᠳᠠᠭᠤ᠎ᠠᠴᠠ ᠠᠩᠭᠢᠵᠢᠷᠠᠭᠤᠯᠤᠭᠰᠠᠨ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠤᠭᠰᠠᠨ ᠦᠯᠢᠭᠡᠷ ᠪᠠ ᠵᠢᠱ᠌ᠢᠶ᠎ᠡ ᠵᠢ ᠶᠠᠷᠢᠵᠠᠢ᠂ ᠮᠠᠨ᠎ᠤ ᠨᠠᠮ᠎ᠤᠨ ᠡᠭᠦᠷ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠤᠭᠰᠠᠨ᠎ᠤ ᠬᠤᠪᠢ᠎ᠳᠤ ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠳᠠᠭ᠋ᠠᠵᠤ᠂ ᠮᠠᠯᠴᠢᠨ ᠲᠠᠷᠢᠶᠠᠴᠢᠨ᠎ᠢ ᠳᠠᠭ᠋ᠠᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠭᠤᠢ᠌ᠪᠠᠰᠢ ᠦᠬᠡᠢ ᠵᠠᠮᠨᠠᠨ᠎ᠠ》 ᠭᠡᠵᠦ ᠬᠡᠯᠡᠪᠡ᠃
  ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠨᠢᠭᠡᠳᠦᠭᠡᠷ  ᠲᠤᠭᠤᠢ᠌ᠯᠠᠡᠭ᠎ᠤᠨ᠎ᠬᠢᠨ 12 ᠳ᠋ᠤᠭ᠋ᠠᠷ ᠰᠠᠷ᠎ᠠ ᠵᠢᠨ 12 ᠂13 ᠎ᠤ ᠡᠳᠦᠷ ᠤᠯᠠᠭ᠋ᠠᠨᠬᠠᠳᠠ ᠬᠤᠳᠠ ᠵᠢᠨ ᠶᠤᠸᠠᠨ ᠪᠦᠦ ᠱᠠᠨ ᠲᠣᠭᠣᠷᠢᠭ᠎ᠤᠨ 《ᠰᠢ ᠶᠢᠤ》 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠡᠪᠴᠢᠭᠦᠯᠦᠨ ᠪᠣᠢ᠌ᠵᠢᠭᠤᠯᠬᠤ ᠲᠥᠪ᠂ ᠫᠢᠩᠵᠤᠸᠠᠩ ᠵᠡᠭᠦᠨ ᠬᠤᠳᠠ ᠵᠢᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠯᠢᠶᠣᠤ ᠾᠧ ᠨᠡᠢ᠌ᠭᠡᠮ ᠲᠣᠭᠣᠷᠢᠭ᠂ ᠬᠠᠷᠠᠴᠢᠨ ᠬᠣᠰᠢᠭᠤᠨ᠎ᠤ ᠾᠧᠨᠠᠨ ᠵᠡᠭᠡᠯᠢ ᠵᠢᠨ  ᠡᠮᠡᠬᠡᠯ ᠠᠭᠤᠯᠨ ᠲᠣᠰᠬᠣᠨ᠎ᠳᠤ ᠬᠦᠷᠴᠦ᠂ ᠬᠥᠳᠡᠭᠡ ᠲᠣᠰᠬᠣᠨ᠂ ᠨᠡᠢ᠌ᠭᠡᠮ ᠲᠣᠭᠣᠷᠢᠭ᠂ ᠦᠨᠳᠦᠰᠦᠨ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠭᠦᠨᠵᠡᠭᠡᠢ᠌ᠷᠡᠨ 3 ᠲᠠᠯᠠᠪᠤᠷ ᠤᠬᠠᠭᠤᠯᠤᠨ ᠲᠠᠢ᠌ᠯᠪᠤᠷᠢᠯᠠᠵᠤ᠂ ᠲᠣᠰᠬᠣᠨ᠎ᠤ ᠠᠷᠠᠳ᠂ ᠰᠠᠭᠤᠭ᠋ᠠᠯᠢ ᠠᠷᠠᠳ᠎ᠤᠨ ᠠᠰᠠᠭᠤᠳᠠᠯ᠎ᠢ ᠬᠦᠯᠢᠴᠡᠩᠭᠦᠢ᠎ᠪᠠᠷ ᠬᠠᠷᠢᠭᠤᠯᠵᠠᠢ᠃ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ 5 ᠪᠦᠷᠢᠯᠳᠦᠭᠦᠨ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠳᠠᠭ᠋ᠠᠬᠤ》 ᠭᠣᠣᠯ ᠰᠡᠳᠦᠪ᠎ᠤᠨ ᠲᠣᠭᠣᠷᠢᠨ᠎ᠳᠤ ᠳᠡᠷᠭᠡᠳᠡᠬᠢ ᠶᠠᠪᠤᠳᠠᠯ ᠵᠶ᠋ᠠᠷ ᠵᠶ᠋ᠠᠨ ᠶᠡᠬᠡ ᠭᠣᠣᠯ ᠰᠡᠳᠦᠪ᠎ᠢ ᠲᠣᠳᠣᠷᠬᠠᠢ ᠶᠠᠷᠢᠪᠠ᠃ 





ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ᠎ᠤ ᠲᠦᠯᠤᠬᠡᠯᠡᠭᠴᠢᠳ᠎ᠤᠨ ᠪᠦᠯᠬᠦᠮ᠎ᠤᠨ ᠲᠠᠷᠤᠭ᠎ᠠ ᠨᠠᠷ ᠬᠤᠷᠠᠯ ᠬᠤᠷᠠᠯᠳᠤᠭᠤᠯᠪᠠ
ᠤᠯᠤᠰ᠎ᠤᠨ ᠣᠶ ᠰᠢᠭᠤᠢ ᠨᠤᠳᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠣᠶ ᠰᠢᠭᠤᠢ ᠨᠤᠳᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠢ᠌ᠳᠠᠢ ᠬᠦᠭᠵᠢᠯᠳᠡ ᠵᠢ 24 ᠠᠷᠭ᠎ᠠ᠎ᠪᠠᠷ ᠲᠡᠮᠵᠢᠬᠦ᠎ᠪᠠᠷ ᠪᠠᠢ᠌ᠨ᠎ᠠ
ᠬᠤᠸᠠᠩ ᡁᠢ ᠴᠢᠶᠠᠩ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠲᠤᠬᠠᠢ ᠵᠢᠨ ᠲᠠᠯᠠᠪᠠᠢ ᠵᠢᠨ ᠳᠠᠩᠰᠠᠯᠠᠬᠤ ᠠᠵᠢᠯ᠎ᠢ ᠪᠠᠢ᠌ᠴᠠᠭ᠋ᠠᠨ ᠰᠤᠳᠤᠯᠪᠠ
ᠬᠤᠸᠠᠩ ᡁᠢ ᠴᠢᠶᠠᠩ ᠪᠠᠶᠠᠨᠨᠠᠭᠤᠷ ᠬᠤᠳᠠ᠎ᠳᠤ ᠨᠡᠭᠦᠷᠡᠰᠦᠨ᠎ᠤ ᠪᠤᠰᠤ ᠠᠭᠤᠷᠬᠠᠢ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠠᠵᠢᠯ᠎ᠢ ᠪᠠᠢ᠌ᠴᠠᠭ᠋ᠠᠨ ᠰᠤᠳᠤᠯᠵᠤ ᠬᠢᠨᠠᠨ ᠵᠢᠯᠤᠭᠣᠳᠬᠤ᠎ᠳᠤ᠎ᠪᠠᠨ ᠠᠶᠤᠯ ᠦᠬᠡᠢ ᠦᠢ᠍ᠯᠡᠳᠪᠤᠷᠢᠯᠡᠯ᠎ᠤᠨ ᠲᠣᠬᠠᠢ ᠬᠠᠮᠢᠶᠠᠷᠤᠯᠳᠠ ᠵᠢ ᠴᠢᠡᠭᠭ᠎ᠠ ᠠᠳᠬᠤᠬᠤ ᠬᠡᠷᠡᠭᠳᠡᠢ ᠭᠡᠵᠤ ᠴᠢᠬᠤᠯᠠᠴᠢᠯᠠᠪᠠ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠬᠦᠴᠢᠷᠳᠡᠯᠲᠡᠢ ᠣᠯᠠᠨ ᠲᠦᠮᠡᠨ᠎ᠳᠤ 56.2 ᠳ᠋ᠦᠩᠰᠢᠭᠤᠷ ᠲᠥᠭᠥᠷᠢᠭ᠎ᠤᠨ ᠲᠤᠰᠠᠯᠠᠮᠵᠢ ᠵᠢᠨ ᠨᠥᠬᠥᠪᠦᠷᠢ ᠪᠠᠭᠤᠯᠭ᠋ᠠᠪᠠ
 
            