ᠭᠠᠨᠰᠤ ᠮᠤᠵᠢ ᠵᠢᠨ ᠯᠢᠨᠰᠢᠶᠠ ᠵᠧᠦ ᠵᠢᠨ ᠵᠢᠢ ᠱ᠌ᠢ ᠱᠠᠨ ᠰᠢᠶᠠᠨ᠎ᠳᠤ ᠭᠠᠵᠠᠷ ᠬᠦᠳᠡᠯᠦᠭᠰᠡᠨ᠎ᠨᠢ ᠪᠦᠬᠦ ᠤᠯᠤᠰ᠎ᠤᠨ ᠠᠷᠠᠳ ᠲᠦᠮᠡᠨ᠎ᠤ ᠰᠡᠳᠬᠢᠯ᠎ᠢ ᠡᠮᠵᠡᠭᠯᠡᠬᠦᠯᠵᠤ᠂ ᠬᠠᠯᠠᠮᠵᠢ ᠵᠢᠨ ᠬᠠᠯᠠᠭᠤᠨ ᠭᠠᠷ ᠵᠶ᠋ᠡᠨ ᠰᠤᠡᠭᠭ᠋ᠠᠬᠤ ᠬᠠᠯᠠᠭᠤᠬᠠᠨ ᠤᠷᠤᠰᠬᠠᠯ ᠪᠣᠯᠵᠤ ᠪᠠᠢ᠌ᠨ᠎ᠠ᠃ ᠡᠨᠡ ᠬᠦ᠌ ᠪᠠᠢ᠌ᠳᠠᠯ ᠲᠤᠤᠷ᠎ᠠ ᠮᠠᠨ᠎ᠤ ᠣᠷᠣᠨ᠎ᠤ ᠠᠷᠠᠳ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠲᠤᠰᠬᠠᠢ ᠠᠪᠤᠷᠠᠨ ᠲᠤᠰᠠᠯᠠᠬᠤ ᠬᠥᠮᠥᠰ᠎ᠢ ᠦᠳᠲᠡᠷ ᠲᠦᠷᠭᠡᠨ ᠵᠶ᠋ᠡᠷ ᠵᠣᠬᠢᠶᠠᠨ ᠪᠠᠢ᠌ᠭᠤᠯᠵᠤ᠂ ᠠᠪᠤᠷᠠᠨ ᠲᠤᠰᠠᠯᠠᠬᠤ ᠡᠳ᠋ ᠪᠣᠳᠠᠰ ᠵᠶ᠋ᠠᠷ ᠭᠠᠨᠰᠤ ᠵᠢᠨ ᠭᠠᠵᠠᠷ ᠬᠥᠳᠡᠯᠦᠯᠲᠡ ᠵᠢᠨ ᠭᠠᠮᠰᠢᠭᠳᠠᠭᠰᠠᠨ ᠣᠷᠣᠨ᠎ᠢ ᠦᠷᠭᠦᠯᠵᠢᠯᠡᠨ ᠲᠤᠰᠠᠯᠠᠵᠤ᠂ ᠭᠠᠮᠰᠢᠭᠳᠠᠭᠰᠠᠨ ᠣᠷᠣᠨ᠎ᠤ ᠤᠯᠠᠨ ᠲᠦᠮᠡᠨ᠎ᠤ ᠬᠦᠴᠢᠷ ᠪᠡᠷᠬᠡ ᠵᠢ ᠢᠯᠠᠨ ᠲᠠᠪᠠᠬᠤ᠎ᠳᠤ ᠪᠦᠳᠤᠮᠵᠢᠳᠡᠢ ᠲᠤᠰᠠᠯᠠᠵᠤ ᠪᠠᠢ᠌ᠨ᠎ᠠ᠃
ᠪᠤᠭᠤᠲᠤ ᠬᠤᠳᠠ ᠵᠢᠨ ᠴᠢᠩᠱ᠌ᠠᠨ ᠲᠣᠭᠣᠷᠢᠭ᠎ᠤᠨ ᠴᠡᠷᠢᠭ᠎ᠤᠨ ᠠᠯᠪᠠᠨ᠎ᠠᠴᠠ ᠪᠠᠭᠤᠭᠰᠠᠳ᠎ᠤᠨ ᠪᠠᠴᠢᠮ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ 《ᠵᠠᠨ ᠴᠢ》 ᠬᠤᠪᠢᠶᠠᠷᠢ ᠠᠩᠭᠢ ᠵᠢᠨ 9 ᠭᠡᠰᠢᠭᠦᠨ 12 ᠰᠠᠷ᠎ᠠ ᠵᠢᠨ 19 ᠤ ᠣᠷᠣᠢ ᠮᠢᠩᠭ᠎ᠠ ᠭᠠᠷᠤᠢ ᠺᠢᠯᠤᠮᠥᠲᠷ ᠬᠤᠯᠠ ᠪᠠᠢ᠌ᠭ᠎ᠠ ᠭᠠᠮᠰᠢᠭᠳᠠᠭᠰᠠᠨ ᠣᠷᠣᠨ᠎ᠳᠤ ᠬᠦᠷᠴᠦ ᠠᠪᠤᠷᠠᠨ ᠲᠤᠰᠠᠯᠠᠬᠤ ᠠᠵᠢᠯ ᠥᠷᠨᠢᠭᠦᠯᠪᠡ᠃
ᠲᠤᠰ ᠠᠪᠤᠷᠠᠨ ᠲᠤᠰᠠᠯᠠᠬᠤ ᠠᠩᠭᠢ ᠵᠢᠨ ᠤᠯᠠᠡᠭᠢ ᠬᠡᠰᠢᠬᠦᠨ᠎ᠨᠢ ᠴᠡᠷᠢᠭ᠎ᠠᠴᠠ ᠬᠠᠯᠠᠭᠳᠠᠭᠰᠠᠳ ᠶᠤᠮ᠂ ᠭᠠᠨᠰᠤ ᠵᠢᠨ ᠯᠢᠨᠰᠢᠶᠠ ᠵᠧᠦ ᠵᠢᠨ ᠵᠢᠢ ᠱ᠌ᠢ ᠱᠠᠨ ᠰᠢᠶᠠᠨ᠎ᠳᠤ ᠭᠠᠵᠠᠷ ᠬᠥᠳᠡᠯᠦᠯᠲᠡ ᠭᠠᠷᠤᠭᠰᠠᠨ᠎ᠢ ᠮᠡᠳᠡᠭᠰᠡᠨ᠎ᠤ ᠳᠠᠷᠠᠭ᠎ᠠ ᠠᠩᠭᠢ ᠵᠢᠨ ᠭᠡᠰᠢᠭᠦᠳ ᠰᠥᠨᠢ᠎ᠪᠠᠷ ᠴᠤᠭᠯᠠᠷᠠᠨ ᠪᠡᠯᠡᠳᠬᠡᠯ ᠠᠵᠢᠯ ᠬᠢᠵᠦ᠂ ᠵᠢᠢ ᠱ᠌ᠢ ᠱᠠᠨ ᠰᠢᠶᠠᠨ᠎ᠤ ᠪᠠᠴᠢᠮ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ᠎ᠬᠢᠨ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠠᠷᠢᠯᠴᠠᠵᠤ᠂ ᠠᠪᠤᠷᠠᠨ ᠲᠤᠰᠠᠯᠠᠬᠤ ᠭᠤᠶᠤᠴᠢᠯᠠᠯ᠎ᠤᠨ ᠪᠢᠴᠢᠭ ᠪᠢᠴᠢᠵᠦ᠂ ᠥᠩᠭᠡᠷᠡᠭᠰᠡᠨ᠎ᠤ ᠠᠪᠤᠷᠠᠨ ᠲᠤᠰᠠᠯᠠᠬᠤ ᠲᠤᠷᠰᠢᠯᠭ᠎ᠠ᠎ᠪᠠᠷ ᠵᠶ᠋ᠠᠨ ᠲᠤᠬᠠᠢ ᠵᠢᠨ ᠭᠠᠵᠠᠷ᠎ᠤᠨ ᠣᠯᠠᠨ ᠲᠦᠮᠡᠨ᠎ᠢ ᠡᠷᠲᠡᠬᠡᠨ ᠬᠦᠴᠢᠷᠳᠡᠯ᠎ᠠᠴᠠ ᠠᠩᠭᠢᠵᠢᠷᠠᠭᠤᠯᠬᠤ ᠵᠢ ᠬᠦᠰᠡᠵᠡᠢ᠃
ᠪᠠᠴᠢᠮ ᠢ ᠠᠷᠭ᠋ᠠᠴᠠᠭ᠋ᠠᠵᠤ ᠠᠪᠤᠷᠠᠨ ᠲᠤᠰᠠᠯᠠᠬᠤ 《ᠵᠠᠨ ᠴᠢ》 ᠬᠤᠪᠢᠶᠠᠷᠢ ᠠᠩᠭᠢ ᠵᠢᠨ ᠳᠠᠷᠤᠭ᠎ᠠ ᠬᠤᠸᠠᠩ ᠵᠢᠶᠠᠨ᠄ 《ᠡᠳᠡᠭᠡᠷ ᠭᠡᠰᠢᠭᠦᠳ ᠵᠦᠸᠸᠵᠸᠤ ᠵᠢᠨ ᠦᠶᠡᠷ᠎ᠲᠠᠢ ᠲᠡᠮᠡᠴᠡᠨ ᠠᠶᠤᠯ᠎ᠠᠴᠠ ᠠᠪᠤᠷᠠᠬᠤ᠂ ᠠᠯᠠᠱ᠌ᠠ ᠵᠢᠨ ᠠᠭᠤᠷᠬᠠᠢ ᠵᠢᠨ ᠭᠠᠮᠰᠢᠭ᠎ᠠᠴᠠ ᠠᠪᠤᠷᠠᠬᠤ᠎ᠳᠤ ᠣᠷᠣᠯᠴᠠᠵᠤ ᠥᠩᠭᠡᠷᠡᠭᠰᠡᠨ ᠪᠣᠯᠬᠣᠷ ᠲᠤᠷᠰᠢᠯᠭ᠎ᠠ ᠰᠠᠢ᠌ᠳᠠᠢ᠂ ᠪᠢᠳᠡ ᠲᠤᠬᠠᠢ ᠵᠢᠨ ᠲᠠᠯᠠᠪᠠᠢ᠎ᠳᠤ ᠬᠦᠷᠦᠭᠰᠡᠨ᠎ᠤ ᠳᠠᠷᠠᠭ᠎ᠠ ᠡᠮᠦᠨ᠎ᠡ ᠹᠷᠣᠨᠲ᠎ᠤᠨ ᠵᠢᠯᠤᠭᠣᠳᠬᠤ ᠭᠠᠵᠠᠷ᠎ᠤᠨ ᠲᠣᠬᠢᠷᠠᠭᠤᠯᠤᠯᠲᠠ ᠵᠢ ᠰᠣᠨᠣᠰᠤᠨ᠎ᠠ᠂ ᠣᠳᠣᠬᠠᠨ᠎ᠳᠤ ᠬᠦᠯᠢᠶᠡᠨ ᠠᠪᠴᠤ ᠪᠠᠢ᠌ᠭ᠎ᠠ ᠡᠭᠦᠷᠭᠡ ᠪᠣᠯ ᠭᠠᠮᠰᠢᠭ᠎ᠤᠨ ᠳᠠᠷᠠᠭ᠋ᠠᠬᠢ ᠠᠷᠢᠭᠤᠳᠬᠠᠬᠤ ᠠᠵᠢᠯ᠎ᠢ ᠬᠠᠷᠢᠭᠤᠴᠠᠨ᠎ᠠ᠂ ᠪᠢᠳᠡ ᠴᠢᠳᠠᠬᠤ ᠵᠢᠨ ᠬᠢᠷᠢ᠎ᠪᠠᠷ ᠥᠪᠡᠷ᠎ᠤᠨ ᠶᠠᠭᠤᠮ᠎ᠠ᠎ᠪᠠᠨ ᠪᠠᠭ᠎ᠠ ᠠᠪᠴᠤ᠂ ᠭᠠᠮᠰᠢᠭᠳᠠᠭᠰᠠᠨ ᠣᠷᠣᠨ᠎ᠳᠤ ᠬᠡᠷᠡᠭᠰᠡᠬᠦ ᠡᠳ᠋ ᠪᠣᠳᠠᠰ᠎ᠢ ᠢᠯᠡᠭᠦᠬᠡᠨ ᠠᠪᠴᠤ ᠶᠠᠪᠤᠨ᠎ᠠ》 ᠭᠡᠵᠦ ᠬᠡᠯᠡᠪᠡ᠃
ᠡᠭᠦᠨ᠎ᠤ ᠵᠡᠷᠭᠡ᠎ᠪᠠᠷ ᠪᠠᠰᠠ ᠨᠢᠭᠡᠨ ᠲᠤᠰᠬᠠᠢ ᠠᠪᠤᠷᠠᠨ ᠲᠤᠰᠠᠯᠠᠬᠤ ᠠᠩᠭᠢ ᠵᠢᠨ᠎ᠬᠢᠨ ᠭᠠᠨᠰᠤ ᠮᠤᠵᠢ ᠵᠢᠨ ᠭᠠᠮᠰᠢᠭᠳᠠᠭᠰᠠᠨ ᠣᠷᠣᠨ᠎ᠳᠤ ᠬᠦᠷᠴᠡᠢ᠃ ᠭᠠᠵᠠᠷ ᠬᠦᠳᠡᠯᠦᠭᠰᠡᠨᠤ ᠳᠠᠷᠠᠭ᠎ᠠ ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠂ ᠡᠪᠯᠡᠯ᠎ᠤᠨ ᠬᠣᠷᠢᠶ᠎ᠠ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠂ ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ᠂ 《ᠠᠨᠳᠠ》 ᠠᠪᠤᠷᠠᠨ ᠲᠤᠰᠠᠯᠠᠬᠤ ᠠᠩᠭᠢ ᠵᠢᠨ᠎ᠬᠢᠨ ᠦᠳᠲᠡᠷ ᠲᠦᠷᠭᠡᠨ ᠵᠶ᠋ᠡᠷ ᠠᠪᠤᠷᠠᠨ ᠲᠤᠰᠠᠯᠠᠬᠤ ᠡᠡᠭᠨᠡᠭᠡ ᠵᠢ ᠵᠣᠬᠢᠶᠠᠨ ᠪᠠᠢ᠌ᠭᠤᠯᠵᠤ᠂ ᠡᠯ᠎ᠡ ᠲᠠᠯ᠎ᠠ ᠵᠢᠨ ᠬᠦᠴᠦᠨ᠎ᠢ ᠬᠤᠷᠠᠮᠳᠤᠭᠤᠯᠤᠨ᠂ ᠭᠠᠮᠰᠢᠭ᠎ᠠᠴᠠ ᠠᠪᠤᠷᠠᠬᠤ ᠡᠯ᠎ᠡ ᠲᠥᠷᠥᠯ᠎ᠤᠨ ᠡᠳ᠋ ᠪᠣᠳᠠᠰ᠎ᠢ ᠴᠤᠭᠯᠠᠭᠤᠯᠵᠤ ᠭᠠᠮᠰᠢᠭᠳᠠᠭᠰᠠᠨ ᠣᠷᠣᠨ᠎ᠢ ᠲᠤᠰᠠᠯᠠᠪᠠ᠃ 12 ᠳ᠋ᠤᠭ᠋ᠠᠷ ᠰᠠᠷ᠎ᠠ ᠵᠢᠨ 19 ᠤ ᠣᠷᠣᠢ ᠵᠢᠨ 8 ᠴᠠᠭ᠎ᠲᠤ ᠵᠡᠭᠦᠨᠭ᠋ᠠᠷ ᠬᠣᠰᠢᠭᠤᠨ᠎ᠤ 《ᠠᠨᠳᠠ》 ᠠᠪᠤᠷᠠᠨ ᠲᠤᠰᠠᠯᠠᠬᠤ ᠠᠩᠭᠢ ᠵᠢᠨ ᠨᠢᠭᠡᠳᠦᠭᠡᠷ ᠴᠤᠪᠤᠭ᠎ᠠ ᠠᠩᠭᠢ ᠵᠢᠨ 4 ᠲᠤᠰᠬᠠᠢ ᠠᠪᠤᠷᠠᠨ ᠲᠤᠰᠠᠯᠠᠬᠤ ᠠᠵᠢᠯᠲᠠᠨ ᠠᠪᠤᠷᠠᠨ ᠲᠤᠰᠠᠯᠠᠬᠤ ᠲᠥᠬᠦᠭᠡᠷᠦᠮᠵᠢ᠎ᠪᠠᠨ ᠠᠪᠴᠤ ᠭᠠᠮᠰᠢᠭᠳᠠᠭᠰᠠᠨ ᠣᠷᠣᠨ᠎ᠳᠤ ᠬᠦᠷᠴᠦ ᠠᠪᠤᠷᠠᠨ ᠲᠤᠰᠠᠯᠠᠪᠠ᠃