ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ᠎ᠬᠢᠨ᠎ᠠᠴᠠ ᠤᠢ᠌ᠯᠠᠭ᠋ᠠᠬᠰᠠᠨ ᠵᠶ᠋ᠡᠷ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠭᠦᠨᠵᠡᠭᠡᠢ ᠨᠠᠢ᠌ᠳᠠᠪᠤᠷᠢᠵᠢᠭᠤᠯᠬᠤ ᠵᠢᠨ ᠲᠥᠯᠥᠭᠡ 12 ᠳ᠋ᠤᠭ᠋ᠠᠷ ᠰᠠᠷ᠎ᠠ ᠵᠢᠨ 18᠎ᠤ ᠡᠳᠦᠷ ᠤᠰᠤᠨ ᠠᠰᠢᠭᠯᠠᠯᠲᠠ ᠵᠢᠨ ᠶᠠᠮᠤᠨ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠨ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠤᠰᠤᠨ ᠠᠰᠢᠭᠯᠠᠯᠲᠠ ᠵᠢᠨ ᠬᠡᠷᠡᠭᠵᠢᠭᠦᠯᠬᠦ ᠲᠥᠰᠥᠯ》 ( 《ᠲᠥᠰᠥᠯ》 ᠭᠡᠵᠦ ᠲᠦᠬᠦᠮᠴᠢᠯᠡᠶ᠎ᠡ)᠎ᠢ ᠳᠠᠷᠤᠮᠠᠯᠯᠠᠨ ᠲᠠᠷᠬᠠᠭ᠋ᠠᠵᠤ᠂ ᠥᠪᠥᠷ ᠮᠣᠩᠭᠣᠯ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ᠎ᠪᠠᠷ ᠬᠠᠷᠠᠯᠲᠠ ᠪᠣᠯᠭ᠋ᠠᠵᠤ᠂ ᠲᠥᠷᠥ ᠵᠢᠨ ᠪᠣᠳᠣᠯᠭ᠎ᠠ᠂ ᠪᠡᠯᠡ ᠮᠥᠩᠭᠥ᠂ ᠲᠥᠷᠥᠯ ᠵᠦᠢ᠍ᠯ᠂ ᠮᠡᠷᠭᠡᠵᠢᠯ᠂ ᠣᠶᠤᠨ ᠴᠢᠳᠠᠪᠤᠷᠢ᠂ ᠴᠢᠳᠠᠪᠤᠷᠢᠲᠠᠨ ᠵᠡᠷᠭᠡ ᠣᠯᠠᠨ ᠲᠠᠯ᠎ᠠ᠎ᠠᠴᠠ ᠬᠣᠯᠪᠣᠭᠳᠠᠯ ᠪᠦᠬᠦᠢ ᠳᠡᠮᠵᠢᠬᠦ ᠵᠦᠢ᠍ᠯᠡᠰ᠎ᠢ ᠤᠯᠠᠮ ᠨᠠᠷᠢᠯᠢᠬ᠍ᠵᠢᠭᠤᠯᠤᠨ ᠪᠣᠳᠠᠲᠠᠢ᠌ᠵᠢᠭᠤᠯᠵᠤ᠂ ᠰᠢᠨ᠎ᠡ ᠱᠠᠲᠤ ᠦᠶ᠎ᠡ᠎ᠳᠤ᠎ᠬᠢ ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠤᠯᠤᠨ᠎ᠠ᠃
《ᠲᠥᠰᠥᠯ》᠎ᠤᠨ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠵᠢᠨ ᠠᠷᠭ᠎ᠠ ᠵᠢᠨ ᠭᠣᠣᠯᠳᠠᠯᠭ᠎ᠠ᠎ᠨᠢ ᠲᠣᠪᠣᠢ᠌ᠮ᠎ᠠ᠂ ᠬᠡᠷᠡᠭᠵᠢᠭᠦᠯᠬᠦ ᠴᠢᠨᠠᠷ ᠵᠶ᠋ᠠᠷ ᠴᠢᠩᠭ᠎ᠠ᠂ ᠦᠨ᠎ᠡ ᠴᠠᠨ᠎ᠠ᠎ᠲᠠᠢ ᠶᠤᠮ᠃ ᠲᠡᠷᠨ᠎ᠨᠢ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ ᠭᠠᠵᠠᠷ》᠂ 《ᠨᠢᠭᠡ ᠪᠡᠬᠢᠯᠡᠯᠲᠡ》 ᠵᠢᠨ ᠤᠰᠤᠨ ᠠᠰᠢᠭᠯᠠᠯᠲᠠ ᠵᠢᠨ ᠰᠠᠭᠤᠷᠢ ᠵᠢ ᠪᠡᠬᠢᠵᠢᠭᠦᠯᠬᠦ᠎ᠪᠠᠷ ᠭᠣᠣᠯᠳᠠᠭᠤᠯᠵᠤ᠂ ᠤᠰᠤᠨ᠎ᠤ ᠭᠠᠮᠰᠢᠭ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠣᠷᠢᠨ᠎ᠤ ᠵᠠᠰᠠᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠦᠶᠡᠷ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠰᠢᠰᠲ᠋ᠧᠮ᠎ᠢ ᠲᠡᠭᠦᠯᠳᠡᠷᠵᠢᠭᠦᠯᠬᠦ ᠵᠢ ᠳᠡᠮᠵᠢᠬᠦ᠂ ᠥᠪᠥᠷ ᠮᠣᠩᠭᠣᠯ᠎ᠤᠨ ᠤᠰᠤᠨ᠎ᠤ ᠲᠤᠤᠷᠵᠢᠯ᠎ᠤᠨ ᠭᠣᠣᠯᠯᠠᠭᠴᠢ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠵᠢ ᠳᠡᠮᠵᠢᠬᠦ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠳᠡᠮᠵᠢᠬᠦ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠣᠷᠴᠢᠨ ᠲᠣᠭᠣᠷᠢᠨ᠎ᠢ ᠰᠡᠷᠭᠦᠭᠡᠬᠦ ᠵᠢ ᠲᠦᠷᠭᠡᠳᠬᠡᠬᠦ ᠵᠢ ᠳᠡᠮᠵᠢᠬᠦ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠬᠦ᠂ ᠣᠶᠤᠨᠲᠤ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠲᠦᠷᠦ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠬᠤ ᠵᠡᠷᠭᠡ 7 ᠲᠠᠯ᠎ᠠ᠎ᠪᠠᠷ 26 ᠵᠤᠷᠪᠤᠰ ᠭᠣᠣᠯᠳᠠᠯᠭ᠎ᠠ᠎ᠲᠠᠢ ᠳᠡᠮᠵᠢᠬᠦ ᠠᠷᠭ᠎ᠠ ᠵᠢ ᠪᠣᠶ ᠪᠣᠯᠭ᠋ᠠᠬᠤ ᠵᠢᠨ ᠬᠠᠮᠲᠤ ᠱᠠᠲᠤ ᠦᠶ᠎ᠡ ᠵᠢᠨ ᠴᠢᠨᠠᠷᠲᠠᠢ ᠬᠠᠷᠠᠯᠲᠠᠲᠤ ᠡᠭᠦᠷᠭᠡ ᠪᠠ ᠬᠠᠮᠢᠶ᠎ᠠ ᠪᠦᠬᠦᠢ ᠵᠤᠷᠭ᠋ᠠᠨ ᠲᠣᠪᠴᠢᠶ᠎ᠠ᠂ ᠰᠠᠪᠠ ᠭᠠᠵᠠᠷ᠎ᠤᠨ ᠵᠥᠪᠯᠡᠯ᠎ᠤᠨ ᠬᠠᠷᠢᠭᠤᠴᠠᠯᠭ᠎ᠠ ᠵᠢ ᠵᠦᠢ᠍ᠯ ᠳᠠᠷᠠᠭ᠋ᠠᠯᠠᠨ ᠲᠣᠳᠣᠷᠬᠠᠢ᠌ᠯᠠᠵᠤ᠂ ᠡᠭᠦᠷᠭᠡ ᠨᠢᠭᠡᠪᠦᠷᠢ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠪᠠ᠃
《ᠲᠥᠰᠥᠯ》᠎ᠳᠤ ᠤᠰᠤᠨ ᠠᠰᠢᠭᠯᠠᠯᠲᠠ ᠵᠢᠨ ᠶᠠᠮᠤᠨ᠎ᠤ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠪᠣᠯᠣᠨ ᠶᠠᠮᠤᠨ᠎ᠤ ᠰᠢᠭᠤᠳ ᠬᠠᠷᠢᠶ᠎ᠠ ᠨᠢᠬᠡᠴᠢ᠎ᠨᠦᠭᠦᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠠᠵᠢᠯ᠎ᠢ ᠳᠡᠮᠵᠢᠵᠦ ᠵᠢᠯᠤᠭᠣᠳᠬᠤ᠎ᠪᠠᠨ ᠴᠢᠩᠭ᠋ᠠᠳᠬᠠᠵᠤ᠂ ᠮᠥᠷᠳᠡᠬᠦ᠎ᠪᠠᠨ ᠴᠢᠩᠭ᠋ᠠᠳᠬᠠᠨ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠵᠢᠯᠤᠭᠣᠳᠬᠤ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠬᠤ ᠪᠤᠯᠤᠨ᠎ᠠ᠃ ᠥᠪᠥᠷ ᠮᠣᠩᠭᠣᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ᠎ᠬᠢᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠰᠠᠯᠠᠭ᠎ᠠ ᠮᠥᠴᠢᠷ᠎ᠤᠨ ᠵᠣᠬᠢᠴᠠᠭᠤᠯᠭ᠎ᠠ ᠪᠠ ᠲᠥᠷᠥ ᠵᠢᠨ ᠪᠣᠳᠣᠯᠭ᠎ᠠ ᠵᠢᠨ ᠵᠣᠯᠭ᠋ᠠᠭᠤᠯᠤᠯᠲᠠ ᠵᠢ ᠴᠢᠩᠭ᠋ᠠᠳᠬᠠᠨ᠂ ᠠᠵᠢᠯ᠎ᠤᠨ ᠪᠠᠢ᠌ᠳᠠᠯ ᠵᠶ᠋ᠠᠨ ᠴᠠᠭ ᠲᠤᠬᠠᠢᠳᠤᠨᠢ ᠮᠡᠳᠡᠭᠦᠯᠵᠦ᠂ ᠡᠯ᠎ᠡ ᠵᠦᠢ᠍ᠯ᠎ᠤᠨ ᠠᠵᠢᠯ᠎ᠢ ᠢᠳᠡᠪᠬᠢᠲᠡᠢ ᠰᠤᠳᠤᠯᠤᠨ ᠠᠬᠢᠭᠤᠯᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠪᠤᠯᠤᠨ᠎ᠠ᠃