ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠦᠷᠦᠭᠦᠸ᠋ 11 ᠰᠠᠷ᠎ᠠ᠎ᠳᠤ ᠮᠠᠨ᠎ᠤ ᠤᠷᠤᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 21.9%᠎ᠪᠠᠷ ᠨᠡᠮᠡᠭᠳᠡᠵᠦ ᠪᠥᠬᠥ ᠤᠯᠤᠰ᠎ᠲᠤ ᠬᠤᠶᠠᠳᠤᠭ᠋ᠠᠷ᠎ᠲᠤ ᠤᠷᠤᠪᠠ
ᠨᠡᠶᠢᠲᠡᠯᠡᠭᠰᠡᠨ ᠴᠠᠭ᠄ 2023-12-21


  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ᠎ᠬᠢᠨ 12 ᠳ᠋ᠤᠭ᠋ᠠᠷ ᠰᠠᠷ᠎ᠠ ᠵᠢᠨ 19᠎ᠤ ᠡᠳᠦᠷ 《ᠡᠷᠭᠢᠴᠡᠭᠦᠯᠦᠯ 2023》 ᠬᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠨᠢᠭᠡᠳᠦᠭᠡᠷ ᠲᠠᠯᠠᠪᠤᠷ —  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠲᠤᠰᠬᠠᠢ ᠲᠠᠯᠠᠪᠤᠷ ᠬᠤᠷᠠᠯ᠎ᠢ ᠬᠢᠪᠡ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠦᠬᠦ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠠᠵᠢᠯ᠎ᠤᠨ ᠲᠣᠭᠣᠷᠢᠨ᠎ᠳᠤ ᠬᠠᠮᠢᠶ᠎ᠠ ᠪᠦᠬᠦᠢ ᠪᠠᠢ᠌ᠳᠠᠯ᠎ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ᠎ᠤᠨ᠎ᠬᠢᠨ ᠦᠨᠤ ᠵᠢᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠲᠡᠬᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ 《ᠰᠢᠨ᠎ᠡ ᠵᠠᠮ ᠵᠶ᠋ᠠᠷ ᠵᠠᠮᠨᠠᠵᠤ᠂ ᠳᠤᠮᠳᠠ ᠲᠦᠪᠰᠢᠨ᠎ᠳᠤ ᠤᠷᠤᠬᠤ》 ᠬᠠᠷᠠᠯᠲᠠ ᠵᠢ ᠲᠣᠭᠲᠠᠭ᠋ᠠᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠯ᠎ᠡ ᠵᠦᠢ᠍ᠯ᠎ᠤᠨ ᠪᠠᠢ᠌ᠷᠢᠯᠠᠭᠤᠯᠤᠯᠲᠠ ᠵᠢ  ᠶᠤᠰᠤᠴᠢᠯᠠᠨ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠠᠵᠢᠯ᠎ᠳᠤ ᠰᠢᠨ᠎ᠡ ᠲᠠᠪᠰᠢᠯᠳᠠ᠂ ᠰᠢᠨ᠎ᠡ ᠦᠷ᠎ᠡ ᠪᠦᠲᠦᠮᠵᠢ ᠵᠢ ᠲᠡᠮᠡᠴᠡᠨ ᠤᠯᠪᠠ᠃ 1 — 11 ᠳ᠋ᠤᠬᠡᠷ ᠰᠠᠷ᠎ᠠ᠎ᠳᠤ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 21.9%᠎ᠪᠠᠷ ᠨᠡᠮᠡᠭᠳᠡᠵᠦ᠂ ᠪᠥᠬᠥ ᠤᠯᠤᠰ᠎ᠲᠤ ᠬᠣᠶᠠᠳᠤᠭ᠋ᠠᠷ᠎ᠲᠤ ᠤᠷᠤᠭ᠋ᠠᠳ ᠪᠥᠬᠥ ᠤᠯᠤᠰ᠎ᠤᠨ ᠳᠤᠮᠳᠠᠴᠢ ᠲ᠋ᠦᠪᠰᠢᠨ᠎ᠠᠴᠠ 19% ᠥᠨᠳᠥᠷ ᠪᠣᠯᠪᠠ᠃
   ᠠᠵᠤ ᠠᠬᠤᠢ ᠵᠢᠨ ᠲᠣᠭᠲᠠᠭᠤᠨ ᠡᠷᠭᠢᠯᠲᠡ ᠵᠢ ᠰᠠᠢ᠌ᠲᠤᠷ ᠠᠳᠬᠤᠬᠤ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ ᠶᠣᠰᠣᠭ᠋ᠠᠷ ᠦᠨᠤ ᠵᠢᠯ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ 62 ᠵᠤᠷᠪᠤᠰ᠂ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ 120 ᠵᠤᠷᠪᠤᠰ ᠵᠡᠷᠭᠡ ᠲᠥᠷᠥ ᠵᠢᠨ ᠪᠣᠳᠣᠯᠭ᠎ᠠ ᠵᠢᠨ ᠠᠷᠭ᠎ᠠ ᠵᠢ ᠨᠡᠢ᠌ᠲᠡᠯᠡᠨ ᠬᠡᠷᠡᠭᠵᠢᠭᠦᠯᠦᠭᠰᠡᠨ᠎ᠤ ᠬᠠᠮᠲᠤ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠴᠢᠬᠤᠯᠠ ᠶᠡᠬᠡ ᠲᠥᠷᠥᠯ ᠵᠦᠢ᠍ᠯ᠎ᠢ ᠨᠠᠷᠢᠯᠢᠭᠵᠢᠭᠤᠯᠤᠨ ᠲᠣᠬᠢᠷᠠᠭᠤᠯᠬᠤ᠂ ᠪᠥᠬᠥ ᠦᠶᠡᠯᠡᠯ᠎ᠤᠨ ᠬᠤᠭᠤᠴᠠᠭ᠋ᠠᠨ᠎ᠤ ᠬᠠᠮᠢᠶᠠᠷᠤᠯᠲᠠ ᠵᠢ ᠬᠡᠷᠡᠭᠵᠢᠭᠦᠯᠦᠨ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ 《ᠡᠪᠦᠯ᠎ᠤᠨ ᠬᠡᠷᠡᠭᠯᠡᠭᠡᠨ᠎ᠤ ᠢᠨᠵᠧᠨᠧᠷᠢᠩ》 《ᠡᠪᠦᠯ ᠡᠪᠦᠯ ᠶᠠᠭ᠋ᠠᠷᠠᠬᠤ》 《ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ》 ᠵᠡᠷᠭᠡ ᠠᠵᠢᠯᠯᠠᠭ᠎ᠠ ᠵᠢ ᠭᠦᠨᠵᠡᠭᠡᠢ ᠥᠷᠨᠢᠭᠦᠯᠪᠡ᠃ 11 ᠳ᠋ᠤᠬᠡᠷ ᠰᠠᠷ᠎ᠠ ᠵᠢᠨ ᠰᠡᠭᠦᠯᠴᠢ ᠪᠣᠯᠲᠠᠯ᠎ᠠ ᠪᠥᠬᠥ ᠣᠷᠣᠨ᠎ᠤ ᠬᠡᠷᠡᠭᠵᠢᠭᠦᠯᠦᠭᠰᠡᠨ 3154 ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ 5000 ᠲᠦᠮᠡᠨ ᠲᠥᠭᠥᠷᠢᠭ᠎ᠠᠴᠠ ᠳᠡᠭᠡᠭᠰᠢ᠂ ᠠᠵᠤ ᠠᠬᠤᠢ᠌ᠯᠠᠯ᠎ᠤᠨ ᠪᠡᠯᠡ ᠣᠷᠣᠭᠤᠯᠤᠯᠲᠠ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠴᠢᠬᠤᠯᠠ ᠶᠡᠬᠡ ᠲᠥᠷᠥᠯ ᠵᠦᠢ᠍ᠯ᠎ᠳᠤ 8020 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 29.6%᠎ᠪᠠᠷ ᠨᠡᠮᠡᠭᠳᠡᠵᠦ᠂ ᠣᠨ᠎ᠤ ᠲᠥᠯᠥᠪᠯᠡᠭᠡ ᠵᠢᠨ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃ ᠶᠡᠷᠦᠩᠬᠡᠢ᠎ᠳᠤ᠎ᠨᠢ ᠠᠪᠴᠤ ᠦᠵᠡᠪᠡᠯ᠂ ᠪᠥᠬᠥ ᠵᠢᠯ᠎ᠤᠨ ᠠᠵᠤ ᠠᠬᠤᠢ ᠵᠢᠨ ᠠᠵᠢᠯᠯᠠᠭ᠋ᠠᠨ᠎ᠳᠤ ᠦᠷᠭᠦᠯᠵᠢᠯᠡᠨ ᠰᠠᠢ᠌ᠵᠢᠷᠠᠬᠤ᠂ ᠤᠷᠤᠭᠰᠢᠯᠠᠯᠲᠠ ᠵᠢᠨ ᠳᠤᠮᠳᠠ ᠶᠠᠰᠤ ᠴᠢᠨᠠᠷ ᠳᠡᠭᠡᠭᠰᠢᠯᠡᠬᠦ ᠪᠠᠢ᠌ᠳᠠᠯ ᠢᠯᠡᠷᠡᠵᠦ᠂ ᠭᠣᠣᠯ ᠭᠦᠢ᠍ᠴᠡᠳᠬᠡᠯ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠨᠢ ᠵᠢᠯ᠎ᠤᠨ ᠡᠬᠢᠨ᠎ᠤ ᠵᠢᠱ᠌ᠢᠯᠲᠡ᠎ᠠᠴᠠ ᠢᠮᠠᠭᠲᠠ ᠰᠠᠢ᠌ᠨ ᠪᠠᠢ᠌ᠵᠤ᠂ ᠪᠥᠬᠥ ᠤᠯᠤᠰ᠎ᠤᠨ ᠳᠤᠮᠳᠠᠴᠢ ᠬᠡᠮᠵᠢᠶ᠎ᠡ᠎ᠠᠴᠠ ᠥᠨᠳᠥᠷ ᠪᠠᠢ᠌ᠨ᠎ᠠ᠃ 1—11 ᠳ᠋ᠤᠬᠡᠷ ᠰᠠᠷ᠎ᠠ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ 7.4% ᠬᠦᠷᠴᠦ᠂ ᠪᠥᠬᠥ ᠤᠯᠤᠰ᠎ᠤᠨ ᠳᠤᠮᠳᠠᠴᠢ ᠲ᠋ᠦᠪᠰᠢᠨ᠎ᠠᠴᠠ 3.1% ᠥᠨᠳᠥᠷ ᠪᠣᠯᠪᠠ᠃ ᠪᠥᠬᠥ ᠣᠷᠣᠨ᠎ᠤ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 52%᠎ᠪᠠᠷ ᠨᠡᠮᠡᠭᠳᠡᠵᠦ᠂ ᠪᠥᠬᠥ ᠤᠯᠤᠰ᠎ᠤᠨ ᠳᠤᠮᠳᠠᠴᠢ᠎ᠪᠠᠷ 45.7% ᠥᠨᠳᠥᠷ ᠪᠣᠯᠪᠠ᠃
   ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 84.8%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ 133.2% ᠵᠢᠡᠷ ᠨᠡᠮᠡᠭᠳᠡᠪᠡ᠃ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 73%᠎ᠪᠠᠷ ᠨᠡᠮᠡᠭᠳᠡᠪᠡ᠂ ᠡᠭᠦᠨ᠎ᠳᠤ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠪᠡᠯᠡ ᠣᠷᠣᠭᠤᠯᠤᠯᠲᠠ 21.6%᠎ᠪᠠᠷ ᠨᠡᠮᠡᠭᠳᠡᠵᠦ᠂ ᠨᠡᠷᠡᠨ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠪᠡᠯᠡ ᠣᠷᠣᠭᠤᠯᠤᠯᠲᠠ 61.7%᠎ᠪᠠᠷ ᠨᠡᠮᠡᠭᠳᠡᠵᠡᠢ᠃
    ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠲᠠᠯ᠎ᠠ᠎ᠪᠠᠷ ᠰᠢ ᠵᠢᠨ ᠫᠢᠩ ᠶᠡᠷᠦᠩᠬᠡᠢ ᠱᠦᠵᠢ ᠵᠢᠨ ᠰᠢᠨ᠎ᠡ ᠴᠠᠭ ᠦᠶ᠎ᠡ᠎ᠳᠤ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲ᠋ᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ ᠪᠣᠳᠠᠲᠠᠢ ᠬᠡᠷᠡᠭᠵᠢᠭᠦᠯᠬᠦ ᠲᠥᠰᠥᠯ ᠲᠣᠭᠲᠠᠭ᠋ᠠᠵᠤ᠂ 8 ᠲᠠᠯ᠎ᠠ᠎ᠠᠴᠠ 48 ᠵᠤᠷᠪᠤᠰ ᠨᠠᠢ᠌ᠳᠠᠪᠤᠷᠢᠵᠢᠭᠤᠯᠬᠤ ᠠᠷᠭ᠎ᠠ ᠵᠢ ᠨᠠᠷᠢᠯᠢᠭᠵᠢᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠤᠳᠤᠷᠢᠳᠬᠤ ᠳᠤᠭᠤᠢ᠌ᠯᠠᠩ᠎ᠤᠨ ᠬᠤᠷᠠᠯ᠎ᠢ 2 ᠤᠳᠠᠭ᠎ᠠ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠠᠵᠤ ᠠᠬᠤᠢ ᠵᠢᠨ ᠪᠠᠢ᠌ᠷᠢᠰᠢᠯ᠎ᠢ ᠰᠢᠯᠢᠳᠡᠭᠵᠢᠭᠦᠯᠬᠦ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠡᠷᠭᠡ ᠵᠠᠩᠭᠢᠯᠠᠭ᠎ᠠ ᠵᠢᠨ ᠠᠵᠢᠯ᠎ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠳᠤᠮᠳᠠ ᠬᠤᠭᠤᠴᠠᠭ᠋ᠠᠨ᠎ᠤ ᠦᠨᠡᠯᠡᠯᠳᠡ ᠵᠢ ᠪᠡᠶᠡᠯᠡᠭᠦᠯᠵᠦ᠂ ᠲᠥᠯᠦᠪᠵᠢᠭᠦᠯᠭᠡ᠎ᠳᠤ ᠲᠣᠭᠲᠠᠭ᠋ᠠᠭᠰᠠᠨ 20 ᠵᠦᠢ᠍ᠯ᠎ᠤᠨ ᠭᠦᠢ᠍ᠴᠡᠳᠬᠡᠯ ᠲᠣᠭ᠎ᠠ᠎ᠨᠢ ᠴᠥᠮ ᠵᠢᠱ᠌ᠢᠭᠰᠡᠨ ᠠᠬᠢᠴᠠ᠎ᠳᠤ ᠨᠡᠢ᠌ᠴᠡᠵᠦ᠂ ᠡᠭᠦᠨ᠎ᠳᠤ 4 ᠵᠦᠢ᠍ᠯ᠎ᠤᠨ ᠭᠦᠢ᠍ᠴᠡᠳᠬᠡᠯ ᠲᠣᠭ᠎ᠠ ᠵᠢ ᠤᠷᠢᠳᠴᠢᠯᠠᠨ ᠪᠡᠶᠡᠯᠡᠭᠦᠯᠵᠦ᠂ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠡᠭᠦᠷᠭᠡ᠂ ᠴᠢᠬᠤᠯᠠ ᠶᠡᠬᠡ ᠠᠵᠢᠯᠯᠠᠭ᠋ᠠᠨ᠎ᠤ ᠲᠥᠯᠥᠪᠯᠡᠭᠡ᠂ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠲᠠᠪᠴᠠᠩ᠎ᠤᠨ ᠪᠦᠲᠦᠭᠡᠨ ᠪᠠᠢ᠌ᠭᠤᠯᠤᠯᠲᠠ ᠵᠢ ᠤᠷᠤᠭᠰᠢᠲᠠᠢ ᠠᠬᠢᠭᠤᠯᠪᠠ᠃ 《ᠲᠠᠪᠤᠨ ᠦᠨᠳᠦᠰᠦᠨ ᠵᠦᠢ᠍ᠯ᠎ᠢ ᠶᠡᠬᠡ᠎ᠪᠠᠷ ᠡᠬᠢᠯᠡᠭᠦᠯᠬᠦ》 ᠠᠵᠢᠯ᠎ᠢ  ᠰᠠᠢ᠌ᠲᠤᠷ ᠠᠳᠬᠤᠵᠤ᠂ ᠵᠥᠪᠰᠢᠶᠡᠷᠡᠭᠦᠯᠬᠦ᠎ᠪᠠᠷ ᠪᠠᠢ᠌ᠭ᠎ᠠ 2 ᠲᠦᠮᠡ ᠭᠠᠷᠤᠢ ᠵᠦᠢ᠍ᠯᠡᠰ᠎ᠤᠨ ᠭᠠᠷ ᠭᠦᠢ᠍ᠴᠡᠳᠬᠡᠯ᠎ᠢ ᠵᠥᠪᠰᠢᠶᠡᠷᠡᠭᠦᠯᠬᠦ ᠶᠣᠰᠣᠲᠠᠢ ᠵᠢ᠎ᠨᠢ ᠪᠦᠬᠦᠨ᠎ᠢ ᠵᠦᠪᠰᠢᠶᠡᠷᠡᠵᠤ᠂ 387 《ᠬᠠᠭ᠋ᠠᠰ ᠲᠤᠳᠠᠭᠤ》 ᠢᠨᠵᠧᠨᠧᠷᠢᠩ᠎ᠤᠨ 386 ᠵᠢ ᠬᠦᠴᠦᠨ ᠦᠭᠡᠢ ᠪᠣᠯᠭ᠋ᠠᠪᠠ᠃ ᠡᠨᠧᠷᠭᠢ ᠵᠢᠨ ᠬᠣᠷᠣᠭᠳᠠᠭᠤᠯᠤᠯ᠎ᠤᠨ ᠬᠣᠶᠠᠷ᠎ᠢ ᠡᠵᠡᠮᠳᠡᠬᠦ ᠵᠢ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠣᠶᠠᠷ᠎ᠢ ᠡᠵᠡᠮᠳᠡᠬᠦ ᠲᠡᠢ᠌ᠰᠢ ᠬᠤᠪᠢᠷᠠᠭᠤᠯᠬᠤ ᠵᠢ  ᠲᠤᠷᠰᠢᠨ ᠠᠬᠢᠭᠤᠯᠵᠤ᠂ ᠣᠷᠳᠣᠰ ᠬᠣᠲᠠ᠂ ᠪᠤᠭᠤᠲᠤ ᠬᠣᠲᠠ ᠪᠠ ᠤᠯᠠᠭ᠋ᠠᠨᠬᠠᠳᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠢ ᠪᠥᠬᠥ ᠤᠯᠤᠰ᠎ᠤᠨ ᠠᠩᠬᠠᠳᠠᠭᠴᠢ ᠪᠦᠯᠦᠭ ᠨᠡᠭᠦᠷᠡᠰᠦᠲᠥ᠋ᠷᠥᠭᠴᠢ ᠵᠢᠨ ᠣᠷᠭᠢᠯ ᠭᠡᠮᠵᠢᠭᠳᠡᠯ᠎ᠳᠤ ᠬᠦᠷᠬᠡᠬᠦ ᠲᠤᠷᠰᠢᠯᠲᠠ ᠵᠢᠨ ᠴᠡᠭ᠎ᠲᠤ ᠣᠷᠣᠭᠤᠯᠪᠠ᠃ ᠪᠥᠬᠥ ᠤᠯᠤᠰ᠎ᠤᠨ ᠠᠩᠬᠠᠳᠠᠭᠴᠢ ᠮᠤᠵᠢ ᠵᠢᠨ ᠱᠠᠲᠤᠨ᠎ᠤ ᠭᠠᠵᠠᠷ ᠣᠷᠣᠨ᠎ᠤ ᠪᠥᠬᠥ ᠨᠡᠢ᠌ᠭᠡᠮ᠎ᠤᠨ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠦᠨᠡᠯᠡᠬᠦ ᠭᠦᠢ᠍ᠴᠡᠳᠬᠡᠯ ᠲᠣᠭ᠎ᠠ ᠵᠢᠨ ᠰᠢᠰᠲᠸᠮ᠎ᠢ ᠪᠠᠢ᠌ᠭᠤᠯᠵᠤ᠂ ᠭᠠᠵᠠᠷ ᠰᠢᠷᠣᠢ᠂ ᠠᠭᠤᠷᠬᠠᠢ ᠵᠢᠨ ᠭᠠᠷᠤᠯᠲᠠ᠂ ᠡᠨᠧᠷᠭᠢ᠂ ᠤᠰᠤᠨ᠎ᠤ ᠡᠬᠢ ᠪᠠᠶᠠᠯᠢᠭ᠂ ᠠᠮᠤ ᠪᠤᠳᠠᠭ᠎ᠠ᠂ ᠲᠠᠬᠢᠨ ᠠᠰᠢᠬᠯᠠᠬᠤ ᠡᠬᠢ ᠪᠠᠶᠠᠯᠢᠭ᠂ ᠣᠯᠠᠨ ᠨᠡᠶ᠋ᠢᠲᠡ ᠵᠢᠨ ᠡᠬᠢ ᠪᠠᠶᠠᠯᠢᠭ ᠵᠡᠷᠭᠡ 7 ᠬᠦᠷᠢᠶ᠎ᠡ ᠴᠠᠷᠠᠭ᠎ᠠ᠎ᠳᠤ ᠨᠡᠶ᠋ᠢᠲᠡ 56 ᠵᠦᠢ᠍ᠯ᠎ᠤᠨ ᠬᠡᠮᠵᠢᠶᠡᠵᠢᠭᠦᠯᠵᠦ ᠪᠣᠯᠬᠤ ᠭᠦᠢ᠍ᠴᠡᠳᠬᠡᠯ ᠲᠣᠭ᠎ᠠ ᠵᠢ ᠲᠣᠭᠲᠠᠭ᠋ᠠᠵᠤ᠂ ᠪᠥᠬᠥ ᠣᠷᠣᠨ᠎ᠤ ᠪᠥᠬᠥ ᠲᠠᠯ᠎ᠠ᠎ᠪᠠᠷ ᠠᠷᠪᠢᠯᠠᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠬᠦ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠭᠰᠠᠨ ᠪᠥᠭᠡᠳ ᠪᠠᠰᠠ ᠪᠥᠬᠥ ᠤᠯᠤᠰ᠎ᠤᠨ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠬᠦ᠎ᠳᠤ 《ᠥᠪᠥᠷ ᠮᠣᠩᠭᠣᠯ᠎ᠤᠨ ᠲᠤᠷᠰᠢᠯᠭ᠎ᠠ》 ᠵᠢ ᠬᠠᠩᠭ᠋ᠠᠭᠰᠠᠨ ᠪᠠᠢ᠌ᠨ᠎ᠠ᠃
    ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠎ᠤᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠬᠤ ᠲᠠᠯ᠎ᠠ᠎ᠪᠠᠷ  ᠠᠢ᠌ᠮᠠᠭ ᠬᠣᠲᠠ᠂ ᠰᠠᠯᠠᠭ᠎ᠠ ᠮᠥᠴᠢᠷ᠎ᠤᠨ 《ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠵᠶ᠋ᠠᠷ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠨᠠᠩ ᠰᠢᠯᠢᠳᠡᠭ ᠦᠢ᠍ᠯᠡᠴᠢᠯᠡᠬᠦ ᠠᠵᠢᠯᠯᠠᠭ᠋ᠠᠨ᠎ᠤ ᠲᠥᠰᠥᠯ》᠎ᠢ ᠪᠦᠲᠦᠮᠵᠢᠲᠡᠶ ᠨᠠᠢ᠌ᠳᠠᠪᠤᠷᠢᠵᠢᠭᠤᠯᠬᠤ ᠵᠢ ᠢᠳᠡᠪᠬᠢᠲᠡᠢ ᠠᠬᠢᠭᠤᠯᠵᠤ᠂ 3 ᠵᠢᠯ ᠳᠠᠷᠠᠭ᠋ᠠᠯᠠᠨ ᠪᠥᠬᠥ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ  ᠨᠦᠬᠦᠴᠡᠯ᠎ᠤᠨ ᠶᠡᠬᠡ ᠬᠤᠷᠠᠯ᠎ᠢ ᠬᠤᠷᠠᠯᠳᠤᠭᠤᠯᠵᠤ᠂ 4 ᠵᠢᠯ ᠳᠠᠷᠠᠭ᠋ᠠᠯᠠᠨ ᠪᠥᠬᠥ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠎ᠢ  ᠦᠨᠡᠯᠡᠬᠦ ᠠᠷᠭ᠎ᠠ ᠵᠢ ᠬᠡᠷᠡᠭᠵᠢᠭᠦᠯᠵᠦ᠂ 《ᠥᠷᠭᠡᠨ ᠵᠶ᠋ᠡᠷ ᠬᠠᠮᠤᠷᠤᠭᠰᠠᠨ᠂ ᠣᠯᠠᠨ ᠲᠠᠰ ᠳᠠᠪᠬᠤᠷᠭ᠎ᠠ᠎ᠲᠠᠢ》 ᠬᠤᠳᠠᠯᠳᠤᠭ᠎ᠠ ᠡᠵᠡᠩᠨᠡᠬᠦ ᠣᠷᠴᠢᠨ  ᠨᠦᠬᠦᠴᠡᠯ᠎ᠢ  ᠦᠨᠡᠯᠡᠬᠦ ᠭᠦᠢ᠍ᠴᠡᠳᠬᠡᠯ ᠲᠣᠭ᠎ᠠ ᠵᠢᠨ ᠰᠢᠰᠲᠸᠮ ᠪᠠ ᠦᠨᠡᠯᠡᠬᠦ ᠲᠣᠭᠲᠠᠴᠠ ᠵᠢ ᠪᠠᠢ᠌ᠭᠤᠯᠤᠬᠰᠠᠨ ᠪᠠᠢ᠌ᠨ᠎ᠠ᠃ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠂ ᠬᠤᠳᠠᠯᠳᠤᠭ᠋ᠠᠨ᠎ᠤ ᠶᠠᠪᠤᠳᠠᠯ᠎ᠤᠨ ᠦᠨᠡᠨᠴᠢ ᠢᠲᠡᠭᠡᠮᠵᠢ᠂ ᠨᠡᠢ᠌ᠭᠡᠮ᠎ᠤᠨ ᠦᠨᠡᠨᠴᠢ ᠢᠲᠡᠭᠡᠮᠵᠢ ᠵᠡᠷᠭᠡ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠯ᠎ᠠ᠃ ᠭᠣᠣᠯᠴᠢ᠎ᠪᠠᠷ ᠥᠷᠢᠰᠦᠯᠳᠦᠬᠦ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠪᠤᠢ ᠪᠣᠯᠭ᠋ᠠᠬᠤ ᠲᠠᠯ᠎ᠠ᠎ᠠᠴᠠ ᠪᠣᠳᠣᠯᠬᠢᠯᠠᠨ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢᠨ ᠦᠨᠡᠨ ᠪᠣᠳᠠᠲᠠᠢ ᠠᠬᠢᠯᠲᠠ᠎ᠲᠠᠢ ᠪᠣᠯᠬᠤ ᠵᠢ  ᠠᠬᠢᠭᠤᠯᠪᠠ᠃ 11 ᠳ᠋ᠤᠬᠡᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠡᠵᠡᠩᠨᠡᠯᠲᠡ ᠵᠢᠨ ᠭᠣᠣᠯ ᠴᠣᠭᠴᠠ 270.6 ᠲᠦᠮᠡᠨ ᠡᠷᠦᠬᠡ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 7.6% ᠨᠡᠮᠡᠭᠳᠡᠪᠡ᠃ 1—11 ᠰᠠᠷ᠎ᠠ᠎ᠳᠤ  41.18 ᠲᠦᠮᠡᠨ ᠡᠷᠦᠬᠡ ᠵᠢᠨ ᠡᠵᠡᠩᠨᠡᠯᠲᠡ ᠵᠢᠨ ᠭᠣᠣᠯ ᠴᠣᠭᠴᠠ ᠵᠢ ᠰᠢᠨ᠎ᠡ᠎ᠪᠠᠷ ᠪᠠᠢ᠌ᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 17.82% ᠵᠢᠡᠷ ᠨᠡᠮᠡᠭᠳᠡᠨ᠂ ᠡᠵᠡᠩᠨᠡᠯᠲᠡ ᠵᠢᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠦᠷ᠎ᠡ ᠪᠦᠲᠦᠮᠵᠢ ᠨᠡᠯᠢᠶᠡᠳ ᠢᠯᠡᠷᠬᠡᠢ ᠪᠤᠯᠤᠬᠰᠠᠨ ᠪᠠᠢ᠌ᠨ᠎ᠠ᠃
 






 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ 26 ᠵᠤᠷᠪᠤᠰ ᠭᠣᠣᠯᠳᠠᠯᠭ᠎ᠠ᠎ᠲᠠᠢ ᠠᠷᠭ᠎ᠠ ᠨᠡᠢ᠌ᠲᠡᠯᠡᠵᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠣᠯᠠᠨ ᠲᠠᠯ᠎ᠠ᠎ᠪᠠᠷ ᠳᠡᠮᠵᠢᠪᠡ
《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠲᠠᠭ᠋ᠠᠬᠤ》 ᠤᠯᠠᠨ ᠲᠦᠮᠡᠨᠴᠢ ᠬᠦᠮᠤᠵᠢᠯ ᠦᠢ᠍ᠯᠡᠳᠤᠯᠬᠡ ᠵᠢᠨ ᠠᠵᠢᠯᠯᠠᠭ᠎ᠠ ᠵᠢᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ᠎ᠤᠨ ᠵᠢᠱ᠌ᠢᠶ᠎ᠡ ᠦᠵᠡᠭᠦᠯᠬᠦ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠨᠢᠬᠡᠳᠤᠬᠡᠷ ᠲᠤᠭᠤᠢ᠌ᠯᠠᠡᠭ᠎ᠤᠨ᠎ᠬᠢᠨ ᠤᠷᠤᠨ᠎ᠤ ᠰᠢᠭᠤᠳ ᠬᠠᠷᠢᠶ᠎ᠠ ᠠᠵᠤ ᠠᠬᠤᠢ᠌ᠯᠠᠯ᠂ ᠬᠣᠶᠠᠷ ᠰᠢᠨ᠎ᠡ ᠵᠣᠬᠢᠶᠠᠨ ᠪᠠᠢ᠌ᠭᠤᠯᠤᠯᠲᠠ ᠪᠣᠯᠣᠨ ᠠᠢ᠌ᠮᠠᠭ ᠬᠤᠳᠠ᠎ᠳᠤ ᠬᠦᠷᠴᠡᠢ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ᠎ᠤ ᠲᠦᠯᠤᠬᠡᠯᠡᠭᠴᠢᠳ᠎ᠤᠨ ᠪᠦᠯᠬᠦᠮ᠎ᠤᠨ ᠲᠠᠷᠤᠭ᠎ᠠ ᠨᠠᠷ ᠬᠤᠷᠠᠯ ᠬᠤᠷᠠᠯᠳᠤᠭᠤᠯᠪᠠ
ᠤᠯᠤᠰ᠎ᠤᠨ ᠣᠶ ᠰᠢᠭᠤᠢ ᠨᠤᠳᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠣᠶ ᠰᠢᠭᠤᠢ ᠨᠤᠳᠤᠭ ᠪᠡᠯᠴᠢᠭᠡᠷ᠎ᠤᠨ ᠦᠢ᠍ᠯᠡᠰ᠎ᠤᠨ ᠴᠢᠨᠠᠷ ᠰᠠᠢ᠌ᠳᠠᠢ ᠬᠦᠭᠵᠢᠯᠳᠡ ᠵᠢ 24 ᠠᠷᠭ᠎ᠠ᠎ᠪᠠᠷ ᠲᠡᠮᠵᠢᠬᠦ᠎ᠪᠠᠷ ᠪᠠᠢ᠌ᠨ᠎ᠠ
ᠬᠤᠸᠠᠩ ᡁᠢ ᠴᠢᠶᠠᠩ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠲᠤᠬᠠᠢ ᠵᠢᠨ ᠲᠠᠯᠠᠪᠠᠢ ᠵᠢᠨ ᠳᠠᠩᠰᠠᠯᠠᠬᠤ ᠠᠵᠢᠯ᠎ᠢ ᠪᠠᠢ᠌ᠴᠠᠭ᠋ᠠᠨ ᠰᠤᠳᠤᠯᠪᠠ
 
            