ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ ᠨᠠᠷ 2 ᠳ᠋ᠤᠭ᠋ᠠᠷ ᠰᠠᠷ᠎ᠠ ᠵᠢᠨ 8᠎ᠤ ᠡᠳᠤᠷ ᠠᠷᠠᠳ᠎ᠤᠨ ᠶᠠᠪᠤᠳᠠᠯ᠎ᠤᠨ ᠶᠠᠮᠤᠨ᠎ᠳᠤ ᠬᠦᠷᠴᠦ ᠠᠵᠢᠯ ᠵᠶ᠋ᠠᠨ ᠵᠤᠯᠭ᠋ᠠᠭᠤᠪᠠ᠂ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠶᠠᠮᠤᠨ᠎ᠤ ᠳᠡᠳ᠋ ᠲᠠᠷᠤᠭ᠎ᠠ ᠲᠠᠩ ᠴᠧᠩ ᠫᠧᠢ ᠠᠭᠤᠯᠵᠠᠯᠲᠠ ᠵᠢᠨ ᠬᠤᠷᠠᠯ᠎ᠢ ᠡᠷᠭᠢᠯᠡᠪᠡ᠃
ᠴᠢ ᠪᠠᠲᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠠᠷᠠᠳ᠎ᠤᠨ ᠶᠠᠪᠤᠳᠠᠯ᠎ᠤᠨ ᠶᠠᠮᠤᠨ᠎ᠤ ᠤᠷᠲᠤ ᠬᠤᠭᠤᠴᠠᠭ᠋ᠠᠨ᠎ᠤ ᠲᠤᠷᠰᠢ ᠥᠪᠥᠷ ᠮᠣᠩᠭᠣᠯ᠎ᠤᠨ ᠠᠷᠠᠳ᠎ᠤᠨ ᠠᠮᠢᠳᠤᠷᠠᠯ ᠠᠷᠠᠳ᠎ᠤᠨ ᠶᠠᠪᠤᠳᠠᠯ᠎ᠤᠨ ᠦᠢ᠍ᠯᠡᠰ᠎ᠢ ᠬᠠᠯᠠᠮᠵᠢᠯᠠᠵᠤ᠂ ᠶᠡᠬᠡ᠎ᠪᠠᠷ ᠲᠡᠮᠵᠢᠭᠰᠡᠬᠡᠷ ᠢᠷᠡᠭᠰᠡᠨ᠎ᠳᠤ ᠴᠢᠩ ᠰᠡᠳᠬᠢᠯ᠎ᠤᠨ ᠲᠠᠯᠠᠷᠬᠠᠯ ᠢᠯᠷᠡᠬᠡᠢ᠌ᠯᠡᠭᠰᠡᠨ ᠪᠦᠬᠡᠳ ᠰᠢ ᠵᠢᠨ ᠫᠢᠩ ᠶᠡᠷᠦᠩᠬᠡᠢ ᠱᠦᠵᠢ ᠵᠢᠨ ᠦᠪᠤᠷ ᠮᠤᠡᠭᠭᠤᠯ᠎ᠳᠤ ᠳᠠᠭ᠋ᠠᠭ᠋ᠠᠯᠭ᠋ᠠᠭᠰᠠᠨ 《ᠲᠠᠪᠤᠨ ᠶᠡᠬᠡ ᠡᠭᠦᠷᠭᠡ》 ᠵᠢ ᠴᠢᠨᠠᠷ ᠰᠠᠢ᠌ᠲᠠᠢ ᠪᠡᠶᠡᠯᠡᠭᠦᠯᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠳᠤᠮᠳᠠ ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠲᠦᠷᠦᠯ ᠵᠦᠢ᠍ᠯ᠂ ᠪᠡᠯᠡ ᠮᠥᠩᠭᠥ᠂ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠵᠡᠷᠭᠡ ᠲᠠᠯ᠎ᠠ᠎ᠪᠠᠷ ᠤᠯᠠᠮ ᠴᠢᠨᠠᠭᠰᠢᠳᠠ ᠬᠦᠴᠦᠲᠡᠢ ᠳᠡᠮᠵᠢᠯᠭᠡ ᠦᠵᠡᠭᠦᠯᠵᠦ ᠵᠢᠭ᠋ᠠᠨ ᠵᠢᠯᠤᠭᠣᠳᠬᠤ ᠵᠢ ᠴᠢᠩ ᠰᠡᠳᠬᠢᠯ᠎ᠠᠴᠠ᠎ᠪᠠᠨ ᠬᠦᠰᠡᠪᠡ᠃ ᠶᠠᠮᠤᠨ᠎ᠤ ᠳᠡᠳ᠋ ᠲᠠᠷᠤᠭ᠎ᠠ ᠲᠠᠩ ᠴᠧᠩ ᠫᠧᠢ ᠥᠪᠥᠷ ᠮᠣᠩᠭᠣᠯ᠎ᠤᠨ ᠤᠷᠴᠢᠮ᠎ᠤᠨ ᠵᠢᠯ᠎ᠤᠨ ᠠᠵᠤ ᠠᠬᠤᠢ ᠨᠡᠢ᠌ᠭᠡᠮ᠂ ᠢᠯᠠᠩᠭᠤᠶ᠎ᠠ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ᠎ᠳᠤ ᠣᠯᠣᠭᠰᠠᠨ ᠠᠮᠵᠢᠯᠲᠠ ᠪᠦᠲᠦᠮᠵᠢ ᠵᠢ ᠭᠦᠢ᠍ᠴᠡᠳ ᠨᠤᠲᠠᠯᠠᠵᠤ᠂ ᠠᠷᠠᠳ᠎ᠤᠨ ᠶᠠᠪᠤᠳᠠᠯ᠎ᠤᠨ ᠶᠠᠮᠤᠨ ᠥᠪᠥᠷ ᠮᠣᠩᠭᠣᠯ᠎ᠤᠨ ᠠᠷᠠᠳ᠎ᠤᠨ ᠶᠠᠪᠤᠳᠠᠯ ᠠᠷᠠᠳ᠎ᠤᠨ ᠠᠮᠢᠳᠤᠷᠠᠯ᠎ᠤᠨ ᠦᠢ᠍ᠯᠡᠰ᠎ᠢ ᠥᠩᠭᠡᠷᠡᠭᠰᠡᠨ᠎ᠲᠠᠢ᠎ᠪᠠᠨ ᠠᠳᠠᠯᠢ ᠴᠢᠷᠮᠠᠢ᠌ᠨ ᠳᠡᠮᠵᠢᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷᠯᠢᠭ ᠬᠥᠭᠵᠢᠯᠲᠡ᠎ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠢ᠌ᠯᠡᠪᠡ᠃
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ ᠡᠷᠬᠢᠯᠡᠭᠴᠢ ᠯᠢ ᠪᠦᠦ ᠵᠢᠶᠦ᠋ᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠰᠦᠨ ᠯᠢ ᠵᠢᠶᠠᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠢᠶᠠᠩ ᠬᠣᠩ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠲᠡᠳ᠋ ᠳᠠᠷᠤᠭ᠎ᠠ ᠭᠣᠸ᠋ ᠵᠢᠶᠠᠨ ᠬᠤᠸᠠ ᠨᠠᠷ ᠠᠭᠤᠯᠵᠠᠯᠲᠠ᠎ᠳᠤ ᠤᠷᠤᠯᠴᠠᠬᠰᠠᠨ ᠪᠠᠢ᠌ᠨ᠎ᠠ᠃