ᠯᠢ ᠶᠢᠩ ᠴᠤᠸᠠᠨ ᠬᠤᠷᠠᠯ᠎ᠳᠤ ᠣᠷᠣᠯᠴᠠᠵᠤ ᠶᠤᠤ ᠶᠦᠩ ᠪᠥᠸᠧ ᠪᠠᠶᠠᠷ᠎ᠤᠨ ᠦᠭᠡ ᠬᠡᠯᠡᠵᠡᠢ
ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ ᠪᠤᠯᠳᠠᠯ᠎ᠠ ᠪᠦᠳᠤᠨ ᠨᠢᠬᠡ ᠵᠢᠯ ᠪᠠᠢ᠌ᠭ᠎ᠠ ᠵᠢ ᠲᠡᠮᠳᠡᠭᠯᠡᠬᠦ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ 2 ᠳ᠋ᠤᠭ᠋ᠠᠷ ᠰᠠᠷ᠎ᠠ ᠵᠢᠨ 17᠎ᠤ ᠡᠳᠤᠷ ᠬᠥᠯᠥᠨ ᠪᠤᠢ᠌ᠷ ᠬᠤᠳᠠ᠎ᠳᠤ ᠶᠠᠪᠤᠬᠳᠠᠪᠠ᠃
ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠳᠡᠳ᠋ ᠳᠠᠷᠤᠭ᠎ᠠ ᠯᠢ ᠶᠢᠩ ᠴᠤᠸᠠᠨ ᠬᠤᠷᠠᠯ᠎ᠳᠤ ᠣᠷᠣᠯᠴᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠰᠢᠯᠢ ᠵᠢᠨ ᠭᠣᠣᠯ ᠠᠢ᠌ᠮᠠᠭ᠎ᠤᠨ ᠨᠠᠮ᠎ᠤᠨ ᠬᠣᠷᠢᠶ᠎ᠠ ᠵᠢᠨ ᠱᠦᠵᠢ ᠶᠤᠤ ᠶᠦᠩ ᠪᠥᠸᠧ ᠪᠠᠶᠠᠷ᠎ᠤᠨ ᠦᠭᠡ ᠬᠡᠯᠡᠵᠡᠢ᠃
ᠶᠤᠤ ᠶᠦᠩ ᠪᠥᠸᠧ ᠵᠢᠭ᠋ᠠᠬᠰᠠᠨ᠎ᠨᠢ᠂ ᠲᠤᠰ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠥᠪᠥᠷ ᠮᠣᠩᠭᠣᠯ᠎ᠳᠤ ᠡᠷᠬᠢᠯᠡᠬᠦ ᠪᠤᠯᠤᠬᠰᠠᠨ᠎ᠨᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠮᠠᠨ᠎ᠤ ᠣᠷᠣᠨ᠎ᠢ ᠬᠦᠨᠳᠤ᠎ᠪᠠᠷ ᠢᠲᠡᠭᠡᠵᠦ ᠬᠠᠯᠠᠮᠵᠢᠯᠠᠵᠤ ᠪᠠᠢ᠌ᠬᠤ ᠵᠢ ᠭᠦᠢ᠍ᠴᠡᠳ ᠬᠠᠷᠠᠭᠤᠯᠵᠤ᠂ ᠥᠪᠥᠷ ᠮᠣᠩᠭᠣᠯ᠎ᠢ ᠳᠡᠯᠭᠡᠨ ᠦᠵᠡᠭᠦᠯᠬᠦ᠂ ᠥᠪᠥᠷ ᠮᠣᠩᠭᠣᠯ᠎ᠢ ᠤᠬᠠᠭᠤᠯᠬᠤ᠂ ᠥᠪᠥᠷ ᠮᠣᠩᠭᠣᠯ᠎ᠢ ᠬᠥᠭᠵᠢᠭᠦᠯᠬᠦ᠎ᠳᠤ ᠴᠢᠬᠤᠯᠠ ᠠᠵᠠ ᠲᠣᠬᠢᠶᠠᠯ ᠪᠠ ᠲᠠᠪᠴᠠᠩ ᠬᠠᠩᠭ᠋ᠠᠵᠠᠢ᠃ ᠪᠢᠳᠡ ᠪᠡᠭᠡᠵᠢᠩ᠎ᠤᠨ ᠡᠪᠦᠯ᠎ᠤᠨ ᠤᠯᠢᠮᠫᠢᠺ᠎ᠤᠨ ᠴᠤᠭᠯᠠᠭ᠋ᠠᠨ ᠪᠣᠯᠣᠨ ᠥᠩᠭᠡᠷᠡᠭᠰᠡᠨ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠤᠷᠰᠢᠯᠭ᠎ᠠ ᠬᠢᠳᠡᠯ᠎ᠢ ᠨᠢᠮᠪᠠᠢ ᠰᠤᠷᠤᠯᠴᠠᠨ ᠲᠤᠯᠢ ᠪᠤᠯᠭ᠋ᠠᠵᠤ᠂ 《ᠪᠣᠬᠢᠷᠳᠤᠯ ᠦᠭᠡᠢ᠂ ᠬᠠᠮᠲᠤ᠎ᠪᠠᠷ ᠡᠳ᠋ᠯᠡᠬᠦ᠂ ᠨᠡᠬᠡᠬᠡᠯᠳᠡᠯᠢᠭ᠂ ᠠᠷᠢᠭᠤᠨ ᠴᠢᠭᠴᠢ》 ᠪᠠᠢ᠌ᠬᠤ ᠤᠷᠤᠯᠳᠤᠭ᠋ᠠᠨ ᠡᠷᠬᠢᠯᠡᠬᠦ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ 《ᠳᠠᠪᠠᠯᠲᠠ᠎ᠲᠠᠢ᠂ ᠭᠣᠢ᠌ᠳᠠ ᠰᠠᠢ᠌ᠬᠠᠨ᠂ ᠡᠶ᠎ᠡ ᠵᠣᠬᠢᠴᠠᠩᠭᠤᠢ᠂ ᠠᠮᠤᠷ ᠠᠮᠤᠭᠤᠯᠠᠩ》 ᠪᠠᠢ᠌ᠬᠤ ᠤᠷᠤᠯᠳᠤᠭ᠋ᠠᠨ ᠡᠷᠬᠢᠯᠡᠬᠦ ᠵᠣᠷᠢᠯᠲᠠ ᠵᠢ ᠪᠠᠷᠢᠮᠲᠠᠯᠠᠵᠤ᠂ ᠲᠤᠰ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠬᠢᠯᠡᠬᠦ ᠵᠢ ᠪᠠᠲᠤᠯᠠᠬᠤ ᠬᠡᠷᠡᠭᠲᠡᠢ᠃