ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠦᠬᠦ ᠣᠷᠣᠨ᠎ᠤ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠢ ᠡᠷᠬᠢᠯᠡᠪᠡ
ᠨᠡᠶᠢᠲᠡᠯᠡᠭᠰᠡᠨ ᠴᠠᠭ᠄ 2023-02-08

    2 ᠳ᠋ᠤᠭ᠋ᠠᠷ ᠰᠠᠷ᠎ᠠ ᠵᠢᠨ 4᠎ᠤ ᠡᠳᠦᠷ᠂ ᠪᠥᠬᠥ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠳᠠ ᠵᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠥᠬᠡᠬᠣᠲᠠ᠎ᠳᠤ ᠬᠤᠷᠠᠯᠳᠤᠪᠠ᠃
     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠢ ᠡᠷᠬᠢᠯᠡᠬᠦ ᠵᠢᠨ ᠬᠠᠮᠲᠤ ᠶᠠᠷᠢᠶ᠎ᠠ ᠲᠠᠯᠪᠢᠵᠠᠢ᠃
     ᠬᠤᠸᠠᠩ ᡁᠢ ᠴᠢᠶᠠᠩ ᠬᠡᠯᠡᠬᠦ᠎ᠳᠤ᠎ᠪᠠᠨ᠂ ᠥᠪᠥᠷ ᠮᠣᠩᠭᠣᠯ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠥᠬᠥ ᠤᠯᠤᠰ᠎ᠤᠨ ᠲᠤᠮᠳᠠ ᠲᠦᠪᠰᠢᠨ᠎ᠳᠤ ᠬᠦᠷᠲᠡᠯ᠎ᠡ ᠰᠡᠷᠭᠦᠭᠡᠬᠦ᠎ᠳᠤ ᠡᠷᠬᠡᠪᠰᠢ ᠬᠥᠭᠵᠢᠯᠲᠡ ᠵᠢ ᠶᠡᠬᠡ᠎ᠪᠠᠷ ᠠᠳᠬᠤᠵᠤ᠂ ᠬᠥᠭᠵᠢᠯᠲᠡ ᠵᠢ ᠲᠦᠷᠭᠡᠳᠬᠡᠬᠦ ᠬᠡᠷᠡᠭᠲᠡᠢ᠃ ᠶᠡᠬᠡ ᠬᠥᠭᠵᠢᠯᠲᠡ ᠶᠡᠬᠡ ᠪᠡᠯᠡ ᠣᠷᠣᠭᠤᠯᠤᠯᠲᠠ ᠵᠢ ᠪᠡᠶᠡᠯᠡᠭᠦᠯᠬᠦ ᠪᠣᠯ ᠤᠷᠢᠲᠠᠯ ᠮᠥᠨ᠂ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠪᠤᠢ ᠪᠣᠯᠭ᠋ᠠᠵᠤ᠂ ᠶᠡᠬᠡ᠎ᠪᠠᠷ ᠠᠵᠢᠯᠯᠠᠵᠤ ᠲᠦᠷᠭᠡᠨ ᠠᠵᠢᠯᠯᠠᠵᠤ᠂ ᠠᠷᠭ᠎ᠠ ᠪᠦᠬᠦᠨ᠎ᠢ ᠰᠦᠪᠡᠭᠴᠢᠯᠡᠵᠦ ᠪᠠᠢ᠌ᠭ᠋ᠠᠳ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠶᠡᠬᠡᠰᠬᠡᠬᠦ ᠬᠡᠷᠡᠭᠲᠡᠢ᠃ ᠶᠡᠬᠡ ᠪᠡᠯᠡ ᠣᠷᠣᠭᠤᠯᠤᠯᠲᠠ ᠵᠢᠨ ᠰᠠᠢ᠌ᠨ ᠡᠬᠢᠯᠡᠯᠲᠡ ᠵᠢ ᠪᠡᠶᠡᠯᠡᠭᠦᠯᠬᠦ ᠪᠣᠯ ᠰᠠᠭᠤᠷᠢ ᠪᠣᠯᠣᠨ᠎ᠠ᠂ 《ᠡᠪᠦᠯ᠎ᠤᠨ ᠬᠡᠷᠡᠭᠯᠡᠭᠡᠨ᠎ᠤ ᠢᠨᠵᠧᠨᠧᠷᠢᠩ》 ᠎ᠢ ᠰᠠᠢ᠌ᠲᠤᠷ ᠠᠳᠬᠤᠵᠤ᠂ ᠡᠮᠦᠨᠡᠬᠢ ᠬᠤᠭᠤᠴᠠᠭ᠋ᠠᠨ᠎ᠤ ᠭᠠᠷ ᠭᠦᠢ᠍ᠴᠡᠳᠬᠡᠯ᠎ᠢ ᠲᠦᠷᠭᠡᠨ ᠭᠦᠢ᠍ᠴᠡᠳᠬᠡᠵᠦ᠂ ᠠᠵᠢᠯ ᠵᠶ᠋ᠠᠨ ᠡᠷᠲᠡ᠎ᠠᠴᠠ ᠡᠬᠢᠯᠡᠭᠦᠯᠵᠦ᠂ ᠬᠤᠷᠳᠤᠴᠠ᠎ᠪᠠᠨ  ᠲᠦᠷᠬᠡᠳᠬᠡᠬᠦ ᠬᠡᠷᠡᠭᠲᠡᠢ᠃ ᠲᠣᠮᠣ ᠪᠡᠯᠡ ᠣᠷᠣᠭᠤᠯᠤᠯᠲᠠ ᠵᠢᠨ ᠡᠯᠧᠮᠧᠨ᠋ᠲ᠎ᠤᠨ ᠪᠠᠲᠤᠯᠠᠭ᠎ᠠ ᠵᠢ ᠪᠣᠳᠠᠲᠠᠢ᠌ᠵᠢᠭᠤᠯᠵᠤ᠂ ᠡᠨᠧᠷᠭᠢ ᠵᠢᠨ ᠬᠣᠷᠣᠭᠳᠠᠯ᠂ ᠤᠰᠤ᠂ ᠪᠡᠯᠡ ᠮᠥᠩᠭᠥ ᠵᠢ ᠪᠠᠲᠤᠯᠠᠬᠤ ᠶᠣᠰᠣᠲᠠᠢ ᠵᠢ᠎ᠨᠢ ᠪᠦᠬᠦᠨ᠎ᠢ ᠪᠠᠲᠤᠯᠠᠵᠤ᠂ ᠮᠥᠩᠭᠥᠨ ᠭᠦᠢ᠍ᠯᠭᠡᠭᠡᠨ᠎ᠤ ᠪᠠᠭ᠋ᠠᠵᠢ ᠵᠢ ᠣᠢ᠌ᠯᠠᠭ᠋ᠠᠨ ᠠᠮᠢᠳᠤᠯᠢᠭ ᠵᠶ᠋ᠠᠷ ᠬᠡᠷᠡᠭᠯᠡᠵᠦ᠂ ᠲᠦᠷᠦᠯ ᠵᠦᠢ᠍ᠯ᠎ᠤᠨ ᠠᠵᠢᠯ᠎ᠢ ᠡᠷᠳᠡ᠎ᠠᠴᠠ ᠡᠬᠢᠯᠡᠭᠦᠯᠬᠦ᠂ ᠡᠷᠲᠡ᠎ᠠᠴᠠ ᠪᠠᠢ᠌ᠭᠤᠯᠵᠤ ᠳᠠᠭᠤᠰᠬᠠᠬᠤ᠂ ᠡᠷᠲᠡ᠎ᠠᠴᠠ ᠦᠷ᠎ᠡ ᠪᠦᠲᠦᠮᠵᠢ ᠣᠯᠬᠤ ᠵᠢ ᠪᠦᠬᠦ ᠲᠠᠯ᠎ᠠ᠎ᠪᠠᠷ ᠳᠡᠮᠵᠢᠬᠦ ᠬᠡᠷᠡᠭᠲᠡᠢ᠃ ᠲᠣᠮᠣ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠨᠠᠷᠢᠯᠢᠭ ᠣᠨᠣᠴᠠᠲᠠᠢ ᠲᠤᠬᠢᠷᠠᠭᠤᠯᠵᠤ ᠡᠵᠡᠮᠳᠡᠬᠦ ᠵᠢ ᠠᠬᠢᠭᠤᠯᠬᠤ ᠪᠣᠯ ᠬᠥᠰᠢᠭᠦᠷᠭᠡ ᠮᠥᠨ᠂ ᠪᠣᠰᠣᠭ᠎ᠠ ᠴᠣᠭᠴᠠᠲᠤ ᠲᠣᠬᠢᠷᠠᠭᠤᠯᠤᠯᠲᠠ ᠵᠢᠨ ᠰᠢᠰᠲ᠋ᠧᠮ᠎ᠢ ᠤᠯᠠᠮ ᠲᠡᠭᠦᠯᠳᠡᠷᠵᠢᠭᠦᠯᠵᠦ᠂ ᠪᠦᠬᠦ ᠵᠢᠯ᠎ᠤᠨ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠡᠷᠴᠢᠮᠲᠡᠢ ᠡᠬᠢᠯᠡᠯᠲᠡ ᠵᠢ ᠠᠬᠢᠭᠤᠯᠬᠤ ᠬᠡᠷᠡᠭᠲᠡᠢ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠨᠤ ᠵᠢᠯ ᠮᠠᠨ᠎ᠤ ᠣᠷᠣᠨ 3168 ᠭᠣᠣᠯᠳᠠᠯᠭ᠎ᠠ᠎ᠲᠠᠢ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠲᠥᠯᠥᠪᠯᠡᠵᠦ ᠪᠣᠶ
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ ᠨᠠᠷ ᠠᠷᠠᠳ᠎ᠤᠨ ᠶᠠᠪᠤᠳᠠᠯ᠎ᠤᠨ ᠶᠠᠮᠤᠨ᠎ᠳᠤ ᠬᠦᠷᠴᠦ ᠠᠵᠢᠯ ᠵᠶ᠋ᠠᠨ ᠵᠣᠯᠭ᠋ᠠᠭᠤᠯᠪᠠ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ ᠪᠤᠯᠳᠠᠯ᠎ᠠ ᠪᠦᠳᠤᠨ ᠨᠢᠬᠡ ᠵᠢᠯ ᠪᠠᠢ᠌ᠭ᠎ᠠ ᠵᠢ ᠲᠡᠮᠳᠡᠭᠯᠡᠬᠦ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠶᠠᠪᠤᠭᠳᠠᠪᠠ
ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠭᠤᠷᠪᠠᠳᠤᠭ᠋ᠠᠷ ᠶᠡᠷᠦᠩᠬᠡᠢ᠌ᠯᠡᠭᠰᠡᠨ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ᠎ᠬᠢᠨ ᠮᠠᠨ᠎ᠤ ᠣᠷᠣᠨ᠎ᠳᠤ ᠢᠷᠡᠵᠤ ᠰᠤᠭᠤᠴᠢᠨ ᠪᠠᠢ᠌ᠴᠠᠭ᠋ᠠᠪᠠ ᠴᠢ ᠪᠠᠲᠤ ᠬᠠᠷᠢᠭᠤ ᠮᠡᠳᠡᠬᠦᠯᠵᠡᠢ
ᠴᠢ ᠪᠠᠲᠤ ᠲᠦᠩᠯᠢᠶᠣᠣ ᠬᠤᠳᠠ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ ᠴᠢᠬᠤᠯᠠᠴᠢᠯᠠᠭᠰᠠᠨ᠎ᠨᠢ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠴᠢᠷᠮᠠᠢ᠌ᠨ ᠠᠬᠢᠭᠤᠯᠬᠤ ᠬᠡᠷᠡᠭᠲᠡᠢ
 
            