ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ 395 ᠮᠤ᠌ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠬᠠᠪᠤᠷ ᠪᠤᠯᠤᠡᠭᠭᠤᠳᠠ ᠡᠬᠢᠯᠡᠬᠦᠯᠪᠡ
ᠨᠡᠶᠢᠲᠡᠯᠡᠭᠰᠡᠨ ᠴᠠᠭ᠄ 2023-02-08

   ᠴᠠᠭ᠋ᠠᠨ ᠰᠠᠷ᠎ᠠ ᠵᠢᠨ ᠠᠮᠠᠷᠠᠯᠳᠠ ᠦᠡᠭᠭᠡᠷᠡᠡᠭᠭᠦᠳᠡ ᠪᠠᠶᠠᠨᠨᠠᠭᠤᠷ ᠬᠤᠳᠠ ᠵᠢᠨ᠎ᠬᠢᠨ 2023 ᠣᠨ᠎ᠤ 93 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠬᠦᠷ ᠬᠥᠭᠵᠢᠶᠡᠨ᠎ᠲᠠᠢ ᠡᠬᠢᠯᠡᠬᠦᠯᠪᠡ᠃ ᠯᠢᠨ ᠾᠧ ᠲᠣᠭᠣᠷᠢᠭ᠎ᠤᠨ ᠴᠧᠩ ᠭᠤᠸᠠᠨ ᠪᠠᠯᠭ᠋ᠠᠰᠤᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠎ᠤᠨ ᠲᠣᠭᠣᠷᠢᠭ᠎ᠤᠨ ᠪᠠᠷᠢᠯᠭ᠎ᠠ ᠵᠢᠨ ᠲᠤᠬᠠᠢ ᠵᠢᠨ ᠲᠠᠯᠠᠪᠠᠶ᠎ᠳᠤ  ᠰᠢᠷᠣᠢ ᠲᠦᠯᠬᠢᠬᠦ ᠮᠠᠰᠢᠨ᠂ ᠮᠠᠯᠲᠠᠭᠤᠷ ᠮᠠᠰᠢᠨ ᠵᠡᠷᠭᠡ ᠲᠣᠮᠣ ᠬᠡᠯᠪᠡᠷᠢ ᠵᠢᠨ ᠮᠠᠰᠢᠨ ᠮᠧᠬᠠᠨᠢᠭ ᠰᠦᠯᠵᠢᠯᠳᠦᠵᠦ᠂ ᠭᠠᠵᠠᠷ᠎ᠢ ᠲᠡᠭᠰᠢᠯᠡᠭᠰᠡᠨ᠎ᠤ ᠳᠠᠷᠠᠭ᠎ᠠ᠂ ᠴᠢᠬᠡ ᠰᠢᠯᠤᠭᠤᠨ ᠤᠰᠤᠯᠠᠯᠲᠠ ᠵᠢᠨ ᠰᠤᠪᠠᠭ ᠪᠠ ᠮᠠᠰᠢᠨ ᠵᠶ᠋ᠠᠷ ᠲᠠᠷᠢᠶᠠᠯᠠᠬᠤ ᠵᠠᠮ ᠠᠭ᠋ᠠᠵᠢᠮ ᠵᠶ᠋ᠠᠷ ᠪᠦᠷᠢᠯᠳᠦᠪᠡ᠃
     ᠡᠨᠡ᠎ᠨᠢ ᠮᠠᠨ᠎ᠤ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠪᠤᠷ᠎ᠤᠨ ᠡᠬᠢ᠎ᠪᠠᠷ ᠠᠵᠢᠯ ᠵᠶ᠋ᠡᠨ ᠡᠬᠢᠯᠡᠬᠦᠯᠵᠤ ᠪᠠᠢ᠌ᠭ᠎ᠠ ᠬᠤᠷᠢᠶᠠᠩᠭᠤᠢ ᠦᠵᠡᠭᠳᠡᠯ ᠪᠣᠯᠣᠨ᠎ᠠ᠃ ᠤᠯᠤᠰ᠎ᠠᠴᠠ ᠮᠠᠨ᠎ᠤ ᠤᠷᠤᠨ᠎ᠳᠤ ᠦᠨᠤ ᠵᠢᠯ 395 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠪᠠᠭᠤᠯᠭ᠋ᠠᠪᠠ᠃ ᠮᠠᠨ᠎ᠤ ᠣᠷᠣᠨ 《ᠬᠡᠪᠴᠢᠶ᠎ᠡ ᠵᠢ ᠶᠡᠬᠡ᠎ᠪᠠᠷ ᠲᠥᠪᠯᠡᠷᠡᠭᠦᠯᠵᠦ᠂ ᠭᠠᠷᠤᠯᠲᠠ ᠵᠢ ᠨᠡᠮᠡᠭᠳᠡᠭᠦᠯᠵᠦ᠂ ᠤᠰᠤ ᠵᠢ ᠤᠯᠠᠮ ᠠᠷᠪᠢᠯᠠᠬᠤ᠂ ᠭᠠᠵᠠᠷ ᠰᠢᠷᠣᠢ ᠵᠢ ᠨᠡᠮᠡᠭᠳᠡᠭᠦᠯᠬᠦ᠂ ᠦᠷ᠎ᠡ ᠪᠦᠲᠦᠮᠵᠢ ᠵᠢ ᠶᠡᠬᠡ᠎ᠪᠠᠷ ᠨᠡᠮᠡᠭᠳᠡᠭᠦᠯᠬᠦ》᠎ᠪᠠᠷ ᠬᠠᠷᠠᠯᠲᠠ ᠪᠣᠯᠭ᠋ᠠᠵᠤ᠂ 2023 ᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠷᠮᠠᠢ᠌ᠨ ᠠᠬᠢᠭᠤᠯᠵᠤ᠂ ᠲᠤᠰ ᠵᠢᠯ᠎ᠳᠤ ᠵᠶ᠋ᠡᠨ ᠠᠵᠢᠯ  ᠲᠠᠭᠤᠰᠬᠠᠵᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠪᠠ᠃
     ᠲᠦᠷᠤᠯ ᠵᠦᠢ᠍ᠯ᠎ᠢ ᠡᠷᠲᠡ ᠡᠬᠢᠯᠡᠭᠦᠯᠵᠦ᠂ ᠡᠷᠲᠡ ᠪᠦᠲᠦᠭᠡᠨ ᠪᠠᠢ᠌ᠭᠤᠯᠤᠭᠰᠠᠨ᠎ᠨᠢ ᠲᠦᠷᠤ ᠵᠢᠨ ᠪᠣᠳᠣᠯᠭ᠎ᠠ ᠵᠢ ᠲᠦᠷᠭᠡᠨ ᠨᠠᠢ᠌ᠳᠠᠪᠤᠷᠢᠵᠢᠭᠤᠯᠬᠤ᠂ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠨ ᠬᠢᠬᠦ᠂ ᠪᠡᠯᠡ ᠮᠥᠩᠭᠥ ᠵᠢ ᠲᠦᠷᠭᠡᠨ ᠪᠠᠭᠤᠯᠭ᠋ᠠᠬᠤ ᠵᠢᠨ ᠬᠦᠴᠦᠲᠡᠢ ᠪᠠᠲᠤᠯᠠᠭ᠎ᠠ ᠪᠤᠯᠬᠤ ᠶᠤᠮ᠃ ᠨᠢᠳᠤᠨᠤᠨ ᠮᠠᠨ᠎ᠤ ᠣᠷᠣᠨ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠤᠬᠠᠢ ᠠᠷᠪᠠᠨ ᠲᠥᠷᠥ ᠵᠢᠨ ᠪᠣᠳᠣᠯᠭ᠎ᠠ ᠵᠢ ᠴᠢᠩᠭ᠋ᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ᠎ᠬᠢᠨ ᠪᠢᠴᠢᠭ ᠮᠠᠲ᠋ᠧᠷᠢᠶᠠᠯ᠎ᠳᠤ ᠳᠤᠷᠠᠳᠤᠭᠰᠠᠨ ᠬᠠᠮᠢᠶ᠎ᠠ ᠪᠦᠬᠦᠢ ᠠᠷᠭ᠎ᠠ ᠵᠢ 54 ᠪᠣᠳᠠᠲᠠᠢ ᠠᠵᠢᠯ ᠪᠣᠯᠭ᠋ᠠᠨ ᠳᠠᠷᠤᠢ ᠲᠦᠷᠭᠡᠨ ᠬᠤᠪᠢᠶᠠᠵᠤ᠂ ᠠᠵᠢᠯ᠎ᠤᠨ ᠠᠭᠤᠯᠭ᠎ᠠ᠂ ᠬᠠᠷᠢᠭᠤᠴᠠᠯᠭ᠋ᠠᠲᠤ ᠨᠢᠬᠡᠴᠢ᠂ ᠬᠠᠷᠢᠭᠤᠴᠠᠯᠭ᠋ᠠᠲᠤ ᠬᠥᠮᠥᠨ ᠪᠠ ᠪᠡᠶᠡᠯᠡᠭᠦᠯᠬᠦ ᠴᠠᠭ᠎ᠢ ᠲᠣᠳᠣᠷᠬᠠᠢ᠌ᠯᠠᠪᠠ᠃ ᠡᠭᠦᠨ᠎ᠤ ᠬᠠᠮᠲᠤ ᠢᠵᠢ ᠪᠦᠷᠢᠳᠦᠭᠦᠯᠬᠦ 7 ᠠᠷᠭ᠎ᠠ ᠵᠢ ᠳᠠᠷᠤᠮᠠᠯᠯᠠᠨ ᠲᠠᠷᠬᠠᠭ᠋ᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠨ ᠵᠥᠪᠰᠢᠶᠡᠷᠡᠬᠦ ᠲᠠᠰ ᠳᠠᠷᠠᠭ᠋ᠠᠯᠠᠯ᠎ᠢ ᠶᠡᠬᠡ᠎ᠪᠠᠷ ᠳᠥᠭᠥᠮᠴᠢᠯᠡᠵᠦ᠂ ᠬᠢᠨᠠᠨ ᠵᠥᠪᠰᠢᠶᠡᠷᠡᠬᠦ ᠴᠠᠭ᠎ᠢ ᠪᠤᠭᠤᠨᠢᠰᠬᠠᠵᠤ᠂ ᠲᠥᠷᠥᠯ ᠵᠦᠢ᠍ᠯ᠎ᠤᠨ ᠠᠵᠢᠯ ᠡᠬᠢᠯᠡᠬᠦ ᠵᠢ ᠨᠥᠯᠥᠭᠡᠯᠡᠬᠦ ᠲᠥᠷᠥ ᠵᠢᠨ ᠪᠣᠳᠣᠯᠭ᠎ᠠ ᠵᠢᠨ ᠲᠦᠭᠵᠢᠷᠡᠯ᠎ᠢ ᠨᠡᠪᠲᠡᠷᠡᠭᠦᠯᠪᠡ᠃ ᠪᠠᠰᠠ ᠲᠦᠷᠦᠯ ᠵᠦᠢ᠍ᠯ᠎ᠤᠨ ᠬᠠᠳᠠᠭ᠋ᠠᠯᠠᠮᠵᠢ ᠵᠢᠨ ᠬᠥᠮᠥᠷᠭᠡ ᠵᠢᠨ ᠮᠡᠳᠡᠭᠡ ᠵᠠᠩᠭᠢ ᠵᠢ ᠢᠳᠡᠪᠬᠢᠲᠡᠢ ᠲᠡᠭᠦᠯᠳᠡᠷᠵᠢᠭᠦᠯᠵᠦ᠂ ᠵᠢᠷᠤᠭ ᠲᠥᠯᠥᠪᠯᠡᠭᠡ᠂ ᠳᠠᠭ᠋ᠠᠭ᠋ᠠᠴᠢᠯᠠᠯᠲᠠ ᠵᠠᠷᠯᠠᠬᠤ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ᠎ᠢ ᠤᠷᠢᠳᠴᠢᠯᠠᠨ ᠲᠥᠯᠥᠪᠵᠢᠭᠦᠯᠵᠦ᠂ ᠤᠷᠢᠳᠴᠢᠯᠠᠨ ᠭᠠᠷ ᠬᠥᠳᠡᠯᠪᠡ᠃ ᠣᠳᠣᠬᠠᠨ᠎ᠳᠤ ᠨᠢᠭᠡᠨᠲᠡ 206 ᠲᠦᠮᠡᠨ ᠮᠦ᠍ ᠵᠢᠷᠤᠭ ᠲᠥᠯᠥᠪᠯᠡᠭᠡ ᠵᠢᠨ ᠳᠠᠭ᠋ᠠᠭ᠋ᠠᠴᠢᠯᠠᠯᠲᠠ ᠵᠠᠷᠯᠠᠵᠤ᠂ 70 ᠲᠦᠮᠡᠨ ᠮᠦ᠍ ᠵᠢᠷᠤᠭ ᠲᠥᠯᠥᠪᠯᠡᠭᠡ ᠵᠢᠨ ᠬᠢᠨᠠᠨ ᠲᠣᠭᠲᠠᠭ᠋ᠠᠯᠲᠠ ᠵᠢ ᠪᠡᠶᠡᠯᠡᠭᠦᠯᠵᠦ᠂ ᠲᠥᠷᠥᠯ ᠵᠦᠢ᠍ᠯ᠎ᠤᠨ ᠠᠬᠢᠴᠠ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠶᠡᠬᠡ ᠤᠷᠢᠲᠠᠵᠤ ᠪᠠᠢ᠌ᠨ᠎ᠠ᠃ ᠮᠠᠨ᠎ᠤ ᠣᠷᠣᠨ ᠪᠠᠰᠠ ᠲᠥᠷᠥ ᠵᠢᠨ ᠪᠣᠳᠣᠯᠭ᠎ᠠ ᠨᠡᠢ᠌ᠲᠡᠯᠡᠵᠦ᠂ 2022 ᠣᠨ᠎ᠤ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ᠎ᠪᠠᠷ ᠯᠠᠪᠯᠠᠯᠲᠠ ᠪᠤᠯᠭ᠋ᠠᠨ ᠠᠢ᠌ᠮᠠᠭ ᠬᠣᠲᠠ᠂ ᠬᠣᠰᠢᠭᠤ ᠰᠢᠶᠠᠨ᠎ᠤ ᠵᠠᠰᠠᠭ᠎ᠤᠨ ᠣᠷᠳᠣᠨ᠎ᠤ ᠦᠨᠳᠤᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥ ᠵᠢ ᠪᠦᠬᠦᠨ᠎ᠢ ᠲᠥᠪ ᠪᠤᠯᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠠᠴᠠ ᠡᠭᠦᠷᠭᠡᠯᠡᠵᠦ᠂ ᠪᠥᠬᠥ ᠣᠷᠣᠨ᠎ᠤ ᠦᠨᠳᠤᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠤᠷᠤᠭᠰᠢᠲᠠᠢ ᠶᠠᠪᠤᠭᠳᠠᠬᠤ ᠵᠢ ᠬᠦᠴᠦᠲᠡᠢ ᠪᠠᠲᠤᠯᠠᠬᠤ ᠪᠣᠯᠣᠨ᠎ᠠ᠃
     ᠮᠠᠨ᠎ᠤ ᠣᠷᠣᠨ ᠦᠨᠤ ᠵᠢᠯ 《ᠨᠢᠬᠡ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠭᠤᠷᠪᠠᠨ ᠶᠡᠬᠡ ᠡᠭᠦᠷᠭᠡ ᠵᠢ ᠪᠡᠶᠡᠯᠡᠭᠦᠯᠬᠦ》 ᠳᠡᠭᠡᠷ᠎ᠡ ᠭᠣᠣᠯᠳᠠᠯᠭ᠎ᠠ᠎ᠲᠠᠢ ᠬᠦᠴᠦᠯᠡᠬᠦ ᠪᠣᠯᠣᠨ᠎ᠠ᠃ 《ᠨᠢᠬᠡ ᠳᠠᠢ᠌ᠯᠠᠯᠳᠤᠭ᠋ᠠᠨ》 ᠬᠡᠳᠡᠭ᠎ᠨᠢ ᠬᠠᠪᠤᠷ᠎ᠤᠨ ᠤᠯᠠᠷᠢᠯ᠎ᠤᠨ ᠭᠠᠵᠠᠷ ᠲᠠᠷᠢᠶ᠎ᠠ ᠵᠢ ᠲᠡᠭᠰᠢᠯᠡᠬᠦ ᠲᠠᠢ᠌ᠯᠠᠯᠳᠤᠭ᠋ᠠᠨ ᠪᠣᠯᠣᠨ᠎ᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ᠎ᠬᠢᠨ ᠡᠯ᠎ᠡ ᠭᠠᠵᠠᠷ᠎ᠢ ᠵᠣᠬᠢᠶᠠᠨ ᠪᠠᠢ᠌ᠭᠤᠯᠤᠨ ᠤᠷᠢᠳᠴᠢᠯᠠᠨ ᠲᠥᠯᠥᠪᠵᠢᠭᠦᠯᠵᠦ᠂ 《ᠭᠤᠷᠪᠠ ᠵᠢ ᠡᠪᠳᠡᠬᠦ᠂ ᠲᠠᠪᠤ ᠵᠢ ᠨᠢᠭᠡᠳᠬᠡᠬᠦ᠂ ᠨᠢᠭᠡ ᠵᠢ ᠰᠢᠨ᠎ᠡ᠎ᠪᠠᠷ ᠪᠠᠶ᠋ᠢᠭᠤᠯᠬᠤ》 ᠪᠦᠲᠦᠭᠡᠨ ᠪᠠᠢ᠌ᠭᠤᠯᠤᠯᠲᠠ ᠵᠢᠨ ᠵᠠᠭᠪᠤᠷ ᠵᠶ᠋ᠠᠷ ᠲᠥᠷᠥᠯ ᠵᠦᠢ᠍ᠯ᠎ᠢ 《ᠤᠷᠢᠳ ᠵᠶ᠋ᠡᠷ ᠲᠡᠭᠰᠢᠯᠡᠵᠦ᠂ ᠳᠠᠷᠠᠭ᠎ᠠ᠎ᠨᠢ ᠪᠦᠲᠦᠭᠡᠨ ᠪᠠᠶ᠋ᠢᠭᠤᠯᠬᠤ》 ᠪᠤᠯᠤᠨ᠎ᠠ᠃ ᠣᠳᠣᠬᠠᠨ᠎ᠤ ᠠᠬᠢᠴᠠ᠎ᠠᠴᠠ ᠦᠵᠡᠪᠡᠯ᠂ ᠭᠠᠵᠠᠷ ᠰᠢᠷᠣᠢ ᠵᠢ ᠲᠡᠭᠰᠢᠯᠡᠬᠦ ᠬᠠᠮ ᠳᠠᠢ᠌ᠯᠠᠯᠳᠤᠭ᠋ᠠᠨ ᠵᠶ᠋ᠠᠷ ᠳᠠᠮᠵᠢᠨ᠂ ᠰᠢᠨ᠎ᠡ᠎ᠪᠠᠷ 400 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠬᠠᠪᠤᠷ᠎ᠤᠨ ᠲᠠᠷᠢᠶᠠᠯᠠᠭ᠎ᠠ ᠵᠢᠨ ᠦᠶ᠎ᠡ᠎ᠳᠤ ᠠᠰᠢᠭᠯᠠᠯᠲᠠ᠎ᠳᠤ ᠣᠷᠣᠭᠤᠯᠵᠤ ᠪᠣᠯᠣᠨ᠎ᠠ᠂ ᠡᠨᠡ᠎ᠨᠢ ᠨᠢᠳᠤᠨᠤᠨ᠎ᠤ ᠭᠠᠵᠠᠷ ᠰᠢᠷᠣᠢ ᠵᠢ ᠲᠡᠭᠰᠢᠯᠡᠬᠦ ᠶᠡᠬᠡ ᠳᠠᠢ᠌ᠯᠠᠯᠳᠤᠭ᠋ᠠᠨ᠎ᠤ ᠦᠶ᠎ᠡ ᠵᠢᠨ᠎ᠬᠢ᠎ᠠᠴᠠ 146 ᠲᠦᠮᠡᠨ ᠮᠦ᠍ ᠨᠡᠮᠡᠭᠳᠡᠵᠦ᠂ 2023 ᠣᠨ᠎ᠳᠤ ᠪᠦᠬᠦ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ 8 ᠳ᠋ᠦᠩᠰᠢᠭᠤᠷ ᠵᠢᠩ ᠰᠢᠨ᠎ᠡ᠎ᠪᠠᠷ ᠨᠡᠮᠡᠭᠳᠡᠭᠦᠯᠬᠦ ᠵᠢ ᠳᠠᠢ᠌ᠴᠢᠯᠠᠬᠤ ᠪᠣᠯᠣᠨ᠎ᠠ᠃
     ᠡᠭᠦᠨ᠎ᠤ ᠬᠠᠮᠳᠤ 《ᠭᠤᠷᠪᠠᠨ ᠶᠡᠬᠡ ᠡᠭᠦᠷᠭᠡ》 ᠵᠢ ᠬᠦᠴᠦᠨ ᠵᠶ᠋ᠡᠨ ᠲᠥᠪᠯᠡᠷᠡᠭᠦᠯᠦᠨ ᠪᠡᠶᠡᠯᠡᠭᠦᠯᠬᠦ ᠪᠤᠯᠤᠨ᠎ᠠ᠃ ᠦᠨᠤ ᠵᠢᠯ ᠡᠭᠦᠷᠭᠡ ᠵᠢᠨ ᠬᠡᠮᠵᠢᠶ᠎ᠡ᠎ᠨᠢ 15 ᠲᠦᠮᠡᠨ ᠮᠦ᠍ ᠵᠢ ᠳᠠᠪᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠰᠢᠭᠤ ᠰᠢᠶᠠᠨ᠎ᠢ 20 ᠪᠣᠶ ᠪᠣᠯᠭ᠋ᠠᠨ᠎ᠠ᠃ ᠤᠯᠤᠰ᠎ᠤᠨ ᠲᠦᠷᠦᠭᠦᠸ᠋ ᠪᠦᠯᠦᠭ᠎ᠤᠨ ᠪᠥᠬᠥ ᠣᠷᠣᠨ ᠪᠦᠰᠡ᠎ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠤᠷᠰᠢᠯᠲᠠ ᠵᠢᠨ  ᠴᠡᠭ᠎ᠢ ᠣᠯᠬᠤ᠎ᠪᠠᠷ ᠢᠳᠡᠪᠬᠢᠲᠡᠢ ᠴᠢᠷᠮᠠᠢ᠌ᠵᠤ᠂ ᠪᠠᠶᠠᠨᠨᠠᠭᠤᠷ ᠬᠣᠲᠠ ᠪᠠ ᠬᠢᠩᠭ᠋ᠠᠨ ᠠᠢ᠌ᠮᠠᠭ᠎ᠤᠨ ᠵᠠᠯᠠᠢ᠌ᠳ ᠬᠣᠰᠢᠭᠤᠨ᠎ᠤ ᠪᠥᠬᠥ ᠣᠷᠣᠨ ᠪᠦᠰᠡ᠎ᠪᠠᠷ ᠠᠬᠢᠭᠤᠯᠬᠤ ᠲᠤᠷᠰᠢᠯᠲᠠ ᠵᠢᠨ ᠴᠡᠭ᠎ᠢ ᠭᠣᠣᠯᠳᠠᠯᠭ᠎ᠠ᠎ᠲᠠᠢ ᠳᠡᠮᠵᠢᠨ᠎ᠡ᠃ ᠲᠥᠪᠯᠡᠷᠡᠨ ᠵᠠᠯᠭ᠋ᠠᠯᠳᠤᠭᠰᠠᠨ ᠨᠢᠭᠡ ᠪᠦᠯᠦᠭ ᠵᠢᠱ᠌ᠢᠶ᠎ᠡ ᠦᠵᠡᠭᠦᠯᠬᠦ ᠣᠷᠣᠨ᠎ᠢ ᠪᠠᠢ᠌ᠭᠤᠯᠤᠨ᠎ᠠ᠂ ᠡᠭᠦᠨ᠎ᠳᠤ ᠪᠠᠶᠠᠨᠨᠠᠭᠤᠷ ᠬᠣᠲᠠ ᠵᠢᠨ ᠤᠷᠠᠳ᠎ᠤᠨ ᠡᠮᠦᠨᠡᠲᠦ ᠬᠣᠰᠢᠭᠤᠨ᠎ᠳᠤ 8 ᠲᠦᠮᠡᠨ ᠮᠦ᠍ ᠲᠥᠪᠯᠡᠷᠡᠨ ᠵᠠᠯᠭ᠋ᠠᠯᠳᠤᠭᠰᠠᠨ ᠵᠢᠱ᠌ᠢᠶ᠎ᠡ ᠦᠵᠡᠭᠦᠯᠬᠦ ᠣᠷᠣᠨ᠎ᠢ ᠪᠠᠢ᠌ᠭᠤᠯᠵᠤ᠂ ᠣᠷᠳᠣᠰ ᠬᠣᠲᠠ ᠵᠢᠨ ᠳᠠᠯᠠᠳ ᠬᠣᠰᠢᠭᠤ᠂ ᠬᠥᠯᠥᠨ ᠪᠣᠶ᠋ᠢᠷ ᠬᠣᠲᠠ ᠵᠢᠨ ᠵᠠᠯᠠᠨ ᠠᠢ᠌ᠯ ᠬᠣᠲᠠ᠂ ᠠᠷᠤᠨ ᠬᠤᠰᠢᠭᠤᠨ᠎ᠳᠤ ᠪᠥᠬᠥ ᠲᠣᠰᠬᠣᠨ ᠵᠶ᠋ᠠᠷ ᠵᠶ᠋ᠠᠨ ᠠᠬᠢᠭᠤᠯᠬᠤ ᠵᠠᠭᠪᠤᠷ ᠵᠶ᠋ᠠᠷ 2 ᠲᠦᠮᠡᠨ ᠮᠦ᠍᠎ᠠᠴᠠ ᠳᠡᠭᠡᠭᠰᠢᠬᠢ ᠲᠠᠩ ᠬᠡᠰᠡᠭ᠎ᠲᠠᠢ ᠲᠥᠷᠥᠯ ᠵᠦᠢ᠍ᠯ᠎ᠤᠨ ᠣᠷᠣᠨ᠎ᠢ ᠪᠠᠢ᠌ᠭᠤᠯᠤᠨ᠎ᠠ᠃



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠲᠧᠯᠸᠢᠰ ᠳ᠋ᠢᠶᠠᠡᠭᠬᠤᠸᠨ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠢ ᠡᠷᠬᠢᠯᠡᠪᠡ
ᠦᠨᠤ ᠵᠢᠯ ᠮᠠᠨ᠎ᠤ ᠣᠷᠣᠨ 3168 ᠭᠣᠣᠯᠳᠠᠯᠭ᠎ᠠ᠎ᠲᠠᠢ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠲᠥᠯᠥᠪᠯᠡᠵᠦ ᠪᠣᠶ
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ ᠨᠠᠷ ᠠᠷᠠᠳ᠎ᠤᠨ ᠶᠠᠪᠤᠳᠠᠯ᠎ᠤᠨ ᠶᠠᠮᠤᠨ᠎ᠳᠤ ᠬᠦᠷᠴᠦ ᠠᠵᠢᠯ ᠵᠶ᠋ᠠᠨ ᠵᠣᠯᠭ᠋ᠠᠭᠤᠯᠪᠠ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠬᠯᠠᠭ᠋ᠠᠨ ᠪᠤᠯᠳᠠᠯ᠎ᠠ ᠪᠦᠳᠤᠨ ᠨᠢᠬᠡ ᠵᠢᠯ ᠪᠠᠢ᠌ᠭ᠎ᠠ ᠵᠢ ᠲᠡᠮᠳᠡᠭᠯᠡᠬᠦ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠶᠠᠪᠤᠭᠳᠠᠪᠠ
ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠭᠤᠷᠪᠠᠳᠤᠭ᠋ᠠᠷ ᠶᠡᠷᠦᠩᠬᠡᠢ᠌ᠯᠡᠭᠰᠡᠨ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ᠎ᠬᠢᠨ ᠮᠠᠨ᠎ᠤ ᠣᠷᠣᠨ᠎ᠳᠤ ᠢᠷᠡᠵᠤ ᠰᠤᠭᠤᠴᠢᠨ ᠪᠠᠢ᠌ᠴᠠᠭ᠋ᠠᠪᠠ ᠴᠢ ᠪᠠᠲᠤ ᠬᠠᠷᠢᠭᠤ ᠮᠡᠳᠡᠬᠦᠯᠵᠡᠢ
 
            