ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠭᠤᠷᠪᠠᠳᠤᠭ᠋ᠠᠷ ᠶᠡᠷᠦᠩᠬᠡᠢ᠌ᠯᠡᠭᠰᠡᠨ ᠪᠠᠢ᠌ᠴᠠᠭ᠋ᠠᠯᠲᠠ ᠵᠢᠨ ᠳᠤᠭᠤᠢ᠌ᠯᠠᠩ᠎ᠤᠨ᠎ᠬᠢᠨ ᠮᠠᠨ᠎ᠤ ᠣᠷᠣᠨ᠎ᠳᠤ ᠢᠷᠡᠵᠤ ᠰᠤᠭᠤᠴᠢᠨ ᠪᠠᠢ᠌ᠴᠠᠭ᠋ᠠᠪᠠ ᠴᠢ ᠪᠠᠲᠤ ᠬᠠᠷᠢᠭᠤ ᠮᠡᠳᠡᠬᠦᠯᠵᠡᠢ
ᠨᠡᠶᠢᠲᠡᠯᠡᠭᠰᠡᠨ ᠴᠠᠭ᠄ 2023-03-01

     ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠤᠨ᠎ᠤ ᠰᠡᠬᠦᠯ ᠵᠢᠯ᠎ᠤᠨ ᠡᠬᠢᠨ᠎ᠳᠤ ᠥᠷᠨᠢᠭᠦᠯᠦᠭᠰᠡᠨ ᠠᠶᠤᠯᠭᠦᠢ ᠦᠢ᠍ᠯᠡᠳᠪᠦᠷᠢᠯᠡᠯ᠎ᠤᠨ ᠬᠦᠨᠳᠦ ᠶᠡᠬᠡ ᠬᠡᠮ ᠰᠣᠭᠣᠭ᠎ᠢ ᠲᠤᠰᠬᠠᠢ ᠴᠡᠭᠴᠡᠯᠡᠨ ᠵᠠᠰᠠᠬᠰᠨᠨ᠎ᠢ ᠰᠤᠭᠤᠴᠢᠨ ᠪᠠᠢ᠌ᠴᠠᠭ᠋ᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢᠨ ᠬᠤᠷᠠᠯ 2 ᠳ᠋ᠤᠭ᠋ᠠᠷ ᠰᠠᠷ᠎ᠠ ᠵᠢᠨ 28᠎ᠤ ᠡᠳᠦᠷ ᠬᠥᠬᠡᠬᠣᠲᠠ᠎ᠳᠤ ᠬᠤᠷᠠᠯᠳᠤᠪᠠ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠭᠤᠷᠪᠠᠳᠤᠭ᠋ᠠᠷ ᠶᠡᠷᠦᠩᠬᠡᠢ᠌ᠯᠡᠭᠰᠡᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠶᠡᠷᠦᠩᠬᠡᠢ ᠲᠥᠯᠥᠪᠵᠢᠭᠦᠯᠦᠭᠴᠢ ᠦ᠋ ᠸᠸᠨ ᠵᠦᠩ ᠶᠠᠷᠢᠶ᠎ᠠ ᠲᠠᠯᠪᠢᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ ᠬᠤᠷᠠᠯ᠎ᠢ ᠡᠷᠬᠢᠯᠡᠭᠰᠡᠨ ᠪᠥᠭᠡᠳ ᠬᠠᠷᠢᠭᠤ ᠮᠡᠳᠡᠬᠦᠯᠵᠡᠢ᠃
     ᠦ᠋ ᠸᠸᠨ ᠵᠦᠩ ᠵᠢᠭ᠋ᠠᠬᠰᠠᠨ᠎ᠨᠢ᠂ ᠪᠦᠬᠦ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢ᠌ᠭ᠎ᠠ ᠪᠤᠯᠬᠤᠷ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠠᠮᠤᠷ ᠲᠦᠪᠰᠢᠨ᠎ᠤ ᠬᠡᠮ ᠰᠣᠭᠣᠭ᠎ᠢ ᠪᠠᠢ᠌ᠴᠠᠭ᠋ᠠᠨ ᠴᠡᠭᠴᠡᠯᠡᠬᠦ ᠵᠢ ᠭᠦᠨᠵᠡᠭᠡᠢ ᠥᠷᠨᠢᠭᠦᠯᠵᠦ᠂ ᠠᠮᠤᠷ ᠲᠦᠪᠰᠢᠨ᠎ᠤ ᠪᠠᠢ᠌ᠳᠠᠯ᠎ᠢ ᠲᠣᠭᠲᠠᠪᠤᠷᠢᠵᠢᠭᠤᠯᠬᠤ ᠪᠠ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠪᠦᠲᠦᠮᠵᠢᠲᠡᠢ ᠠᠷᠭ᠋ᠠᠴᠠᠭ᠋ᠠᠬᠤ ᠪᠣᠳᠣᠯᠭ᠎ᠠ ᠵᠢ ᠰᠤᠳᠤᠯᠤᠨ ᠨᠠᠢ᠌ᠳᠠᠪᠤᠷᠢᠵᠢᠭᠤᠯᠵᠤ᠂ ᠬᠦᠨᠳᠦ ᠶᠡᠬᠡ ᠣᠨᠴᠠ ᠶᠡᠬᠡ ᠡᠨᠳᠡᠯ ᠭᠠᠷᠬᠤ ᠵᠢ ᠡᠷᠡᠰ ᠬᠣᠷᠢᠭᠯᠠᠬᠤ ᠬᠡᠷᠡᠭᠲᠡᠢ᠃
     ᠴᠢ ᠪᠠᠲᠤ᠂ ᠪᠦᠬᠦ ᠣᠷᠣᠨ ᠵᠶ᠋ᠠᠷ ᠵᠶ᠋ᠠᠨ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠬᠦᠷᠦᠯᠴᠡᠬᠦ ᠦᠭᠡᠢ ᠲᠠᠯ᠎ᠠ᠎ᠪᠠᠨ ᠡᠷᠢᠵᠦ᠂ ᠠᠯᠳᠠᠰᠢ ᠭᠠᠷᠬᠤ ᠵᠢ ᠬᠣᠷᠢᠭᠯᠠᠵᠤ᠂ ᠠᠵᠢᠯ ᠵᠶ᠋ᠠᠨ ᠬᠠᠯᠠᠨ ᠰᠠᠢ᠌ᠵᠢᠷᠠᠭᠤᠯᠵᠤ᠂ ᠠᠶᠤᠯᠭᠦᠢ ᠦᠢ᠍ᠯᠡᠳᠪᠦᠷᠢᠯᠡᠯ᠎ᠢ ᠶᠡᠬᠡ᠎ᠪᠠᠷ ᠪᠠᠢ᠌ᠴᠠᠭ᠋ᠠᠵᠤ ᠶᠡᠬᠡ᠎ᠪᠠᠷ ᠴᠡᠭᠴᠡᠯᠡᠨ ᠵᠠᠰᠠᠬᠤ ᠵᠡᠷᠭᠡ ᠡᠯ᠎ᠡ ᠵᠦᠢ᠍ᠯ᠎ᠤᠨ ᠡᠭᠦᠷᠭᠡ ᠵᠢ ᠠᠬᠢᠭᠤᠯᠤᠨ ᠰᠠᠢ᠌ᠲᠤᠷ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ ᠨᠡᠢ᠌ᠭᠡᠮ᠎ᠤᠨ ᠣᠷᠴᠢᠨ ᠲᠣᠭᠣᠷᠢᠨ᠎ᠤ ᠠᠮᠤᠷ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠨ᠎ᠠ ᠭᠡᠵᠦ ᠢᠯᠡᠳᠬᠡᠪᠡ᠃


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠴᠢ ᠪᠠᠲᠤ ᠲᠦᠩᠯᠢᠶᠣᠣ ᠬᠤᠳᠠ᠎ᠳᠤ ᠪᠠᠢ᠌ᠴᠠᠭ᠋ᠠᠨ ᠰᠤᠳᠤᠯᠬᠤ᠎ᠳᠤ᠎ᠪᠠᠨ ᠴᠢᠬᠤᠯᠠᠴᠢᠯᠠᠭᠰᠠᠨ᠎ᠨᠢ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠴᠢᠷᠮᠠᠢ᠌ᠨ ᠠᠬᠢᠭᠤᠯᠬᠤ ᠬᠡᠷᠡᠭᠲᠡᠢ
ᠾᠸ ᠯᠢ ᠹᠸᠡᠭ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ᠎ᠬᠢᠨ᠎ᠤ ᠬᠢᠨᠠᠨ ᠵᠦᠪᠯᠡᠬᠦ᠎ᠳᠤ ᠤᠷᠤᠯᠴᠠᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ
ᠪᠥᠬᠥ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠬᠡᠢ᠌ᠯᠡᠨ ᠭᠠᠯ ᠤᠨᠳᠠᠷᠠᠭ᠋ᠠᠬᠤ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠳ᠋ᠠᠢ ᠴᠢᠨ ᠬᠤᠷᠠᠯ᠎ᠢ ᠡᠷᠭᠢᠯᠡᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠬᠦᠳᠡ ᠬᠤᠷᠠᠯ ᠪᠠ ᠬᠠᠪᠤᠷ᠎ᠤᠨ ᠲᠣᠮᠣ ᠬᠡᠯᠪᠡᠷᠢ ᠵᠢᠨ ᠠᠵᠢᠯᠲᠠᠨ ᠡᠯᠰᠡᠬᠦ ᠬᠤᠷᠠᠯ ᠬᠤᠷᠠᠯᠳᠤᠪᠠ
 
            