ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ 3 ᠳ᠋ᠤᠭ᠋ᠠᠷ ᠰᠠᠷ᠎ᠠ ᠵᠢᠨ 6᠎ᠤ ᠡᠳᠦᠷ᠎ᠠᠴᠠ 7᠎ᠤ ᠡᠳᠦᠷ ᠪᠣᠯᠲᠠᠯ᠎ᠠ ᠲᠦᠩᠯᠢᠶᠣᠣ ᠬᠣᠲᠠ᠎ᠳᠤ ᠭᠦᠨᠵᠡᠭᠡᠢ᠌ᠷᠡᠨ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠂ ᠢᠯᠠᠩᠭᠤᠶ᠎ᠠ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠳᠤ ᠪᠠᠢ᠌ᠴᠠᠭ᠋ᠠᠨ ᠰᠤᠳᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠂ ᠠᠵᠤ ᠠᠬᠤᠢ᠌ᠯᠠᠯ ᠪᠠ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠲᠠᠢ ᠶᠠᠷᠢᠯᠴᠠᠪᠠ᠃
ᠴᠢ ᠪᠠᠲᠤ ᠬᠡᠯᠡᠭᠰᠡᠨ᠎ᠨᠢ᠂ ᠣᠷᠣᠨ ᠪᠦᠰᠡ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠢ ᠲᠦᠩᠯᠢᠶᠣᠣ ᠬᠤᠳᠠ ᠵᠢᠨ ᠴᠢᠬᠤᠯᠠ ᠲᠤᠯᠭ᠋ᠠᠭᠤᠷᠢ ᠠᠵᠤ ᠦᠢ᠍ᠯᠡᠰ ᠪᠣᠯᠭ᠋ᠠᠵᠤ᠂ ᠲᠤᠰᠬᠠᠢ ᠠᠩᠭᠢ ᠪᠠᠢ᠌ᠭᠤᠯᠤᠨ ᠠᠬᠢᠭᠤᠯᠵᠤ᠂ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠬᠠᠮ ᠬᠦᠴᠦᠨ᠎ᠢ ᠨᠢᠭᠲᠠᠷᠠᠭᠤᠯᠬᠤ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠤᠯᠠᠮ ᠴᠢᠩᠭ᠋ᠠᠳᠬᠠᠵᠤ᠂ ᠪᠡᠯᠡ ᠮᠥᠩᠭᠥ᠂ ᠮᠡᠷᠭᠡᠵᠢᠯ᠂ ᠴᠢᠳᠠᠪᠤᠷᠢᠲᠠᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠭᠠᠵᠠᠷ ᠰᠢᠷᠣᠢ᠂ ᠭᠠᠢ᠌ᠯᠢ ᠲᠠᠲᠠᠪᠤᠷᠢ ᠵᠡᠷᠭᠡ ᠲᠠᠯ᠎ᠠ᠎ᠪᠠᠷ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠪᠠ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠦᠪᠰᠢᠨ᠎ᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ᠃ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠂ ᠬᠡᠯᠬᠢᠶ᠎ᠡ ᠵᠢ ᠨᠥᠬᠥᠪᠦᠷᠢᠯᠡᠵᠦ᠂ ᠬᠡᠯᠬᠢᠶ᠎ᠡ ᠵᠢ ᠴᠢᠩᠭ᠋ᠠᠷᠠᠭᠤᠯᠤᠨ ᠂ ᠨᠠᠷᠢᠯᠢᠭ ᠣᠨᠣᠴᠠᠲᠠᠢ᠎ᠪᠠᠷ ᠬᠤᠳᠠᠯᠳᠤᠭ᠋ᠠᠴᠢᠨ ᠤᠷᠢᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠮ᠎ᠤᠨ ᠲᠦᠭᠦᠬᠡᠢ ᠮᠠᠲ᠋ᠧᠷᠢᠶᠠᠯ ᠤᠨ ᠦᠢ᠍ᠯᠡᠰ᠎ᠢ ᠬᠦᠴᠦᠷᠬᠡᠭᠵᠢᠭᠦᠯᠦᠨ ᠪᠤᠵᠠᠭ᠋ᠠᠢ᠌ᠷᠠᠭᠤᠯᠤᠭᠰᠠᠨ ᠰᠠᠭᠤᠷᠢᠨ ᠳᠡᠭᠡᠷ᠎ᠡ᠂ ᠡᠮ ᠨᠠᠢ᠌ᠷᠠᠭᠤᠯᠬᠤ ᠲᠡᠢ᠌ᠰᠢ ᠬᠠᠨᠳᠤᠭᠤᠯᠵᠤ᠂ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠬᠡᠪᠴᠢᠶᠡᠵᠢᠬᠦ᠂ ᠲᠥᠪᠯᠡᠷᠡᠨ ᠬᠥᠭᠵᠢᠬᠦ ᠵᠢ ᠴᠢᠷᠮᠠᠢ᠌ᠨ ᠠᠬᠢᠭᠤᠯᠬᠤ ᠬᠡᠷᠡᠭᠲᠡᠢ᠃
ᠡᠨᠡ ᠬᠤᠭᠤᠴᠠᠭ᠋ᠠᠨ᠎ᠳᠤ ᠲᠦᠩᠯᠢᠶᠣᠣ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠯᠤᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ᠎ᠬᠢᠨ᠎ᠲᠠᠢ ᠡᠮ ᠡᠮᠨᠡᠯᠭᠡ ᠵᠢᠨ ᠠᠵᠤ ᠦᠢ᠍ᠯᠡᠰ᠎ᠤᠨ ᠬᠥᠭᠵᠢᠯᠲᠡ ᠵᠢ ᠭᠦᠨᠵᠡᠭᠡᠢ᠌ᠷᠡᠭᠦᠯᠬᠦ ᠪᠠᠢ᠌ᠯᠳᠤᠬᠤ ᠪᠣᠳᠣᠯᠭ᠎ᠠ ᠵᠢᠨ ᠵᠦᠪᠳᠡᠯᠴᠡᠬᠡᠷ ᠲᠤᠬᠳᠠᠪᠠ᠃