ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠾᠸ ᠯᠢ ᠹᠸᠡᠭ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ᠎ᠬᠢᠨ᠎ᠤ ᠬᠢᠨᠠᠨ ᠵᠦᠪᠯᠡᠬᠦ᠎ᠳᠤ ᠤᠷᠤᠯᠴᠠᠪᠠ
ᠨᠡᠶᠢᠲᠡᠯᠡᠭᠰᠡᠨ ᠴᠠᠭ᠄ 2023-03-10

    3 ᠳ᠋ᠤᠭ᠋ᠠᠷ ᠰᠠᠷ᠎ᠠ ᠵᠢᠨ 6᠎ᠤ ᠡᠳᠦᠷ᠎ᠤᠨ ᠦᠳᠡ ᠵᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠭᠡᠰᠢᠭᠦᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ ᠾᠧ ᠯᠢ ᠹᠧᠩ ᠲᠡᠭᠦᠨ᠎ᠤ ᠪᠠᠢ᠌ᠭ᠎ᠠ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ᠎ᠬᠢᠨ᠎ᠤ ᠬᠢᠨᠠᠨ ᠵᠦᠪᠯᠡᠬᠦ᠎ᠳᠤ ᠤᠷᠤᠯᠴᠠᠪᠠ᠃
     ᠾᠧ ᠯᠢ ᠹᠧᠩ ᠬᠢᠨᠠᠨ ᠵᠥᠪᠯᠡᠬᠦ ᠬᠡᠯᠡᠭᠰᠡᠨ᠎ᠨᠢ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠪᠦᠷᠢᠮᠦᠰᠦᠨ ᠵᠥᠪᠰᠢᠶᠡᠷᠡᠵᠦ ᠪᠠᠢ᠌ᠨ᠎ᠠ᠃ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠩᠭᠡᠷᠡᠭᠰᠡᠨ ᠨᠢᠭᠡ ᠵᠢᠯ᠎ᠳᠤ ᠨᠠᠮ᠎ᠤᠨ ᠬᠣᠷᠢᠳᠤᠭ᠋ᠠᠷ ᠶᠡᠬᠡ ᠬᠤᠷᠠᠯ ᠢᠯᠠᠯᠲᠠ᠎ᠲᠠᠢ᠎ᠪᠠᠷ ᠬᠤᠷᠠᠯᠳᠤᠵᠤ᠂ ᠪᠢᠳᠡ ᠵᠢᠱ᠌ᠢᠯᠲᠡ᠎ᠠᠴᠠ ᠳᠠᠪᠠᠭᠰᠠᠨ ᠤᠯᠠᠨ ᠳᠠᠪᠬᠤᠷ ᠬᠦᠴᠦᠨ ᠵᠦᠢ᠍ᠯ᠎ᠤᠨ ᠳᠠᠭ᠋ᠠᠷᠢᠯᠲᠠ ᠵᠢ ᠢᠯᠠᠵᠤ᠂  ᠠᠵᠤ ᠠᠬᠤᠢ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠠᠳᠤᠯᠠᠨ᠂ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠨᠡᠯᠢᠶᠡᠳ ᠰᠠᠢ᠌ᠨ ᠪᠡᠶᠡᠯᠡᠭᠦᠯᠪᠡ᠃ ᠥᠩᠭᠡᠷᠡᠭᠰᠡᠨ ᠲᠠᠪᠤᠨ ᠵᠢᠯ᠎ᠳᠤ ᠲᠤᠢ᠌ᠯ᠎ᠤᠨ ᠶᠡᠷᠦ ᠪᠤᠰᠤ ᠵᠢᠨ ᠶᠤᠮ᠂ ᠢᠯᠠᠩᠭᠤᠶ᠎ᠠ 2020 ᠣᠨ᠎ᠠᠴᠠ ᠨᠠᠭ᠋ᠠᠰᠢᠬᠢ ᠭᠤᠷᠪᠠᠨ ᠵᠢᠯ ᠪᠢᠳᠡ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠥᠨᠳᠥᠷ ᠪᠦᠲᠦᠮᠵᠢᠲᠡᠶ᠎ᠪᠠᠷ ᠨᠢᠭᠡᠳᠦᠯᠲᠡᠢ ᠲᠥᠯᠥᠪᠯᠡᠬᠦ ᠵᠢᠨ ᠬᠠᠮᠲᠤ ᠴᠢᠬᠤᠯᠠ ᠶᠡᠬᠡ ᠢᠯᠠᠯᠲᠠ ᠣᠯᠵᠤ᠂ ᠪᠥᠬᠥ ᠳᠡᠯᠡᠬᠡᠢ ᠵᠢᠨ ᠭᠣᠣᠯ ᠪᠣᠯᠬᠤ ᠠᠵᠤ ᠠᠬᠤᠢ ᠵᠢᠨ ᠴᠣᠭᠴᠠ ᠵᠢᠨ ᠳᠤᠮᠳᠠ ᠲᠣᠪᠣᠢ᠌ᠮ᠎ᠠ ᠢᠯᠡᠷᠡᠯ᠎ᠲᠠᠢ ᠪᠠᠢ᠌ᠨ᠎ᠠ᠃ ᠦᠨᠤ ᠵᠢᠯ᠎ᠤᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠬᠦ᠎ᠳᠤ ᠪᠢᠳᠡ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂  ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ  ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠵᠤ᠂  ᠴᠢᠨᠠᠷᠯᠢᠭ ᠬᠥᠭᠵᠢᠯᠲᠡ ᠵᠢ ᠠᠬᠢᠭᠤᠯᠵᠤ᠂ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠢ᠌ᠯᠡᠨ ᠨᠠᠮᠳᠠᠭᠤᠯᠵᠤ᠂ ᠠᠵᠤ ᠠᠬᠤᠢ ᠵᠢᠨ ᠲᠣᠭᠲᠠᠭᠤᠨ ᠪᠥᠭᠡᠳ ᠡᠷᠡᠭᠦᠯ ᠬᠦᠭᠵᠢᠯᠳᠡ ᠵᠢ ᠠᠬᠢᠭᠤᠯᠵᠤ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠰᠠᠢ᠌ᠨ ᠡᠬᠢᠯᠡᠯᠲᠡ᠎ᠲᠠᠢ ᠪᠣᠯᠭ᠋ᠠᠬᠤ ᠬᠡᠷᠡᠭᠲᠡᠢ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ
ᠪᠥᠬᠥ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠬᠡᠢ᠌ᠯᠡᠨ ᠭᠠᠯ ᠤᠨᠳᠠᠷᠠᠭ᠋ᠠᠬᠤ ᠠᠵᠢᠯ᠎ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠳ᠋ᠠᠢ ᠴᠢᠨ ᠬᠤᠷᠠᠯ᠎ᠢ ᠡᠷᠭᠢᠯᠡᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠬᠦᠳᠡ ᠬᠤᠷᠠᠯ ᠪᠠ ᠬᠠᠪᠤᠷ᠎ᠤᠨ ᠲᠣᠮᠣ ᠬᠡᠯᠪᠡᠷᠢ ᠵᠢᠨ ᠠᠵᠢᠯᠲᠠᠨ ᠡᠯᠰᠡᠬᠦ ᠬᠤᠷᠠᠯ ᠬᠤᠷᠠᠯᠳᠤᠪᠠ
ᠮᠠᠨ᠎ᠤ ᠤᠷᠤᠨ᠎ᠤ ᠦᠨᠤ ᠵᠢᠯ᠎ᠤᠨ 2617 ᠭᠣᠣᠯᠳᠠᠯᠭ᠎ᠠ᠎ᠲᠠᠢ ᠠᠷᠠᠳ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠲᠣᠳᠣᠷᠬᠠᠢ ᠬᠠᠭᠤᠳᠠᠰᠤ ᠵᠢ ᠨᠡᠢ᠌ᠳᠡᠯᠡᠪᠡ
ᠬᠤᠸᠠᠩ ᡁᠢ ᠴᠢᠶᠠᠩ ᠬᠥᠯᠥᠨ ᠪᠤᠢ᠍ᠢ᠍ᠷ ᠬᠤᠳᠠ᠎ᠳᠤ ᠬᠢᠨᠠᠨ ᠵᠢᠯᠤᠭᠣᠳᠬᠤ᠎ᠳᠤ᠎ᠪᠠᠨ ᠴᠢᠬᠤᠯᠠᠴᠢᠯᠠᠭᠰᠠᠨ᠎ᠨᠢ᠂ ᠠᠶᠤᠯ ᠦᠬᠡᠢ ᠦᠢ᠍ᠯᠡᠳᠪᠦᠷᠢᠯᠡᠯ᠎ᠤᠨ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ ᠠᠮᠤᠷ ᠲᠦᠪᠰᠢᠨ ᠬᠥᠭᠵᠢᠯᠲᠡ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ
 
            