ᠴᠢ ᠪᠠᠲᠤ᠂ ᠯᠢᠦ ᠰᠢᠨ ᠯᠸ ᠬᠤᠷᠠᠯ᠎ᠳᠤ ᠣᠷᠣᠯᠴᠠᠵᠠᠢ
12 ᠳ᠋ᠤᠭ᠋ᠠᠷ ᠰᠠᠷ᠎ᠠ ᠵᠢᠨ 14᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ 《ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲᠸᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ》 ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠪᠠᠲᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠯᠢᠦ ᠰᠢᠨ ᠯᠸ ᠨᠠᠷ ᠬᠤᠷᠠᠯ᠎ᠳᠤ ᠣᠷᠣᠯᠴᠠᠪᠠ᠃
ᠬᠤᠷᠠᠯ᠎ᠳᠤ ᠣᠷᠣᠯᠴᠠᠭᠰᠠᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ ᠪᠠ ᠬᠣᠯᠪᠣᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠳ᠎ᠤᠨ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠵᠢ ᠰᠣᠨᠣᠰᠴᠤ᠂ ᠰᠠᠨᠠᠯ ᠰᠠᠨᠠᠭᠤᠯᠭ᠎ᠠ ᠲᠤᠷᠠᠳᠬᠤ ᠵᠢᠨ ᠬᠠᠮᠳᠤ ᠵᠦᠪᠳᠡᠯᠴᠡᠪᠡ᠃
ᠵᠥᠪᠳᠡᠯᠴᠡᠬᠦ᠎ᠪᠠᠷ ᠲᠠᠮᠵᠢᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠭᠣᠣᠯ ᠱᠤᠭᠤᠮ᠎ᠢ ᠪᠠᠲᠤ ᠪᠡᠬᠢ ᠪᠤᠢ ᠪᠣᠯᠭ᠋ᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ ᠪᠦᠬᠦ ᠲᠠᠯ᠎ᠠ᠎ᠪᠠᠷ ᠪᠠᠶ᠋ᠢᠭᠤᠯᠬᠤ ᠬᠠᠷᠠᠯᠲᠠ ᠵᠢ ᠲᠣᠭᠲᠠᠭ᠋ᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲᠸᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠭᠡᠵᠦ ᠰᠠᠨᠠᠯ ᠨᠢᠭᠡᠲᠡᠢ ᠦᠵᠡᠵᠡᠬᠡᠪᠡ᠃