ᠴᠢ ᠪᠠᠲᠤ ᠶᠠᠷᠢᠶ᠎ᠠ ᠲᠠᠯᠪᠢᠵᠠᠢ
3 ᠳ᠋ᠤᠭ᠋ᠠᠷ ᠰᠠᠷ᠎ᠠ ᠵᠢᠨ 25᠎ᠤ ᠡᠳᠦᠷ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠤᠯᠭᠤᠯᠳᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠥᠬᠥᠳᠡ ᠬᠤᠷᠠᠯ ᠪᠠ ᠬᠠᠪᠤᠷ᠎ᠤᠨ ᠲᠣᠮᠣ ᠬᠡᠯᠪᠡᠷᠢ ᠵᠢᠨ ᠠᠵᠢᠯᠲᠠᠨ ᠡᠯᠰᠡᠬᠦ ᠬᠤᠷᠠᠯ ᠪᠤᠭᠤᠲᠤ᠎ᠳᠤ ᠬᠤᠷᠠᠯᠳᠤᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ ᠵᠪᠠᠲᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠴᠢ ᠪᠠᠳᠤ ᠬᠡᠯᠡᠭᠰᠡᠨ᠎ᠨᠢ᠂ ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠪᠠᠷ ᠬᠥᠲᠥᠯᠥᠨ ᠳᠠᠭ᠋ᠠᠭᠤᠯᠵᠤ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ᠎ᠪᠠᠷ ᠬᠠᠷᠠᠯᠲᠠ ᠪᠣᠯᠭ᠋ᠠᠵᠤ᠂ ᠤᠯᠠᠨ ᠠᠷᠭ᠎ᠠ᠎ᠪᠠᠷ ᠠᠵᠢᠯ ᠣᠯᠭᠣᠯᠲᠠ ᠵᠢᠨ ᠪᠠᠢ᠌ᠳᠠᠯ᠎ᠢ ᠲᠣᠭᠲᠠᠭᠤᠨ ᠪᠠᠢ᠌ᠯᠭ᠋ᠠᠬᠤ ᠬᠡᠷᠡᠭᠲᠡᠢ᠃ ᠲᠦᠷᠦ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠠᠵᠢᠯ ᠣᠯᠭᠣᠯᠲᠠ ᠵᠢᠨ ᠬᠠᠳᠠᠭ᠋ᠠᠯᠠᠯᠲᠠ ᠵᠢ ᠲᠣᠭᠲᠠᠪᠤᠷᠢᠵᠢᠭᠤᠯᠬᠤ ᠬᠡᠷᠡᠭᠲᠡᠢ᠃ ᠠᠵᠢᠯ᠎ᠤᠨ ᠪᠠᠢ᠌ᠷᠢ ᠵᠢᠨ ᠲᠠᠯᠳᠠ ᠬᠦᠴᠦᠨ᠎ᠢ ᠠᠭᠤᠳᠠᠯᠬᠤ ᠠᠵᠢᠯ᠎ᠢ ᠠᠳᠬᠤᠵᠤ᠂ ᠠᠵᠢᠯ ᠣᠯᠭᠣᠯᠲᠠ ᠵᠢᠨ ᠨᠡᠮᠡᠭᠳᠡᠯ᠎ᠤᠨ ᠭᠣᠣᠯᠳᠠᠯᠭ᠎ᠠ᠎ᠲᠠᠢ ᠬᠦᠮᠦᠰ᠎ᠢ ᠠᠳᠬᠤᠵᠤ᠂ ᠠᠵᠢᠯ ᠣᠯᠭᠣᠯᠲᠠ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠠᠳᠬᠤᠵᠤ᠂ ᠠᠵᠢᠯ ᠣᠯᠭᠣᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠵᠢ ᠠᠳᠬᠤᠵᠤ᠂ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠣᠨ᠎ᠤ ᠠᠵᠢᠯ ᠣᠯᠭᠣᠯᠲᠠ ᠵᠢᠨ ᠬᠠᠷᠠᠯᠲᠠ ᠡᠭᠦᠷᠭᠡ᠎ᠪᠠᠨ ᠴᠢᠨᠠᠷᠵᠢᠭᠤᠨ ᠪᠡᠶᠡᠯᠡᠭᠦᠯᠬᠦ ᠬᠡᠷᠡᠭᠲᠡᠢ᠃
ᠰᠦᠯᠵᠢᠶᠡᠨ ᠲᠡᠬᠡᠷ᠎ᠡ ᠪᠠ ᠰᠦᠯᠵᠢᠶᠡᠨ᠎ᠠᠴᠠ ᠭᠠᠳᠠᠨ᠎ᠠ 1093 ᠠᠵᠤ ᠠᠬᠤᠢ᠌ᠯᠠᠯ ᠠᠵᠢᠯᠲᠠᠨ ᠡᠯᠰᠡᠬᠦ᠎ᠳᠤ ᠣᠷᠣᠯᠴᠠᠵᠤ᠂ 5.71 ᠲᠦᠮᠡᠨ ᠠᠵᠢᠯ᠎ᠤᠨ ᠪᠠᠢ᠌ᠷᠢ ᠬᠠᠩᠭ᠋ᠠᠭᠰᠠᠨ ᠪᠠᠢ᠌ᠨ᠎ᠠ᠃