ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠤᠷᠤᠨ᠎ᠤ ᠦᠨᠤ ᠵᠢᠯ᠎ᠤᠨ 2617 ᠭᠣᠣᠯᠳᠠᠯᠭ᠎ᠠ᠎ᠲᠠᠢ ᠠᠷᠠᠳ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠲᠣᠳᠣᠷᠬᠠᠢ ᠬᠠᠭᠤᠳᠠᠰᠤ ᠵᠢ ᠨᠡᠢ᠌ᠳᠡᠯᠡᠪᠡ
ᠨᠡᠶᠢᠲᠡᠯᠡᠭᠰᠡᠨ ᠴᠠᠭ᠄ 2023-03-31

     ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ᠎ᠬᠢᠨ ᠤᠷᠴᠢᠮ᠎ᠳᠤ 《ᠪᠥᠬᠥ ᠣᠷᠣᠨ᠎ᠤ 2023 ᠣᠨ᠎ᠤ ᠭᠣᠣᠯᠳᠠᠯᠭ᠎ᠠ᠎ᠲᠠᠢ ᠠᠷᠠᠳ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠠᠵᠢᠯ᠎ᠢ ᠴᠢᠷᠮᠠᠢ᠌ᠨ ᠠᠬᠢᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 2023 ᠣᠨ᠎ᠳᠤ ᠬᠡᠷᠡᠭᠵᠢᠭᠦᠯᠬᠦ᠎ᠪᠠᠷ ᠪᠠᠢ᠌ᠭ᠎ᠠ 2617 ᠭᠣᠣᠯᠳᠠᠯᠭ᠎ᠠ᠎ᠲᠠᠢ ᠠᠷᠠᠳ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠲᠣᠳᠣᠷᠬᠠᠢ ᠬᠠᠭᠤᠳᠠᠰᠤ ᠵᠢ ᠨᠡᠢ᠌ᠲᠡᠯᠡᠵᠦ᠂ ᠵᠢᠯ᠎ᠳᠤ 4069.5 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠬᠦ᠎ᠪᠠᠷ ᠲᠥᠯᠥᠪᠯᠡᠵᠦ ᠪᠣᠶ᠃
     ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠬᠦ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ  ᠴᠢᠨᠠᠷᠯᠢᠭ ᠬᠥᠭᠵᠢᠯᠲᠡ ᠵᠢ ᠤᠯᠠᠮ ᠰᠠᠢ᠌ᠳᠤᠷ ᠳᠡᠮᠵᠢᠬᠦ ᠠᠷᠭ᠎ᠠ᠎ᠨᠤᠭᠤᠳ᠎ᠢ ᠪᠥᠬᠥ ᠲᠠᠯ᠎ᠠ᠎ᠪᠠᠷ  ᠨᠠᠢ᠌ᠳᠠᠪᠤᠷᠢᠵᠢᠭᠤᠯᠬᠤ ᠵᠢᠨ ᠲᠦᠯᠤᠬᠡ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ᠎ᠬᠢᠨ ᠡᠯ᠎ᠡ ᠠᠢ᠌ᠮᠠᠭ ᠬᠣᠲᠠ᠎ᠲᠠᠢ ᠬᠠᠮᠲᠤᠷᠠᠨ ᠪᠥᠬᠥ ᠣᠷᠣᠨ᠎ᠤ 2023 ᠣᠨ᠎ᠤ ᠲᠥᠯᠥᠪᠯᠡᠭᠡ ᠵᠢ ᠬᠡᠷᠡᠭᠵᠢᠭᠦᠯᠬᠦ ᠭᠣᠣᠯᠳᠠᠯᠭ᠎ᠠ᠎ᠲᠠᠢ ᠠᠷᠠᠳ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠡᠮᠬᠢᠯᠡᠨ ᠳᠢᠭᠯᠡᠵᠦ᠂ ᠲᠥᠷᠥᠯ ᠵᠦᠢ᠍ᠯ᠎ᠤᠨ ᠨᠠᠷᠢᠨ ᠲᠠᠩᠰᠠ ᠵᠢ ᠳᠠᠷᠤᠮᠠᠯᠯᠠᠨ ᠲᠠᠷᠬᠠᠭ᠋ᠠᠬᠤ ᠵᠢᠨ ᠬᠠᠮᠲᠤ ᠪᠣᠳᠠᠲᠠᠢ ᠱᠠᠭ᠋ᠠᠷᠳᠠᠯᠭ᠎ᠠ ᠳᠤᠷᠠᠳᠪᠠ᠃
     ᠲᠥᠷᠥᠯ ᠵᠦᠢ᠍ᠯ᠎ᠤᠨ ᠨᠠᠷᠢᠨ ᠲᠠᠩᠰᠠ᠎ᠳᠤ 2617 ᠭᠣᠣᠯᠳᠠᠯᠭ᠎ᠠ᠎ᠲᠠᠢ ᠠᠷᠠᠳ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠪᠠᠭᠲᠠᠭ᠋ᠠᠵᠤ᠂ ᠠᠵᠤ ᠦᠢ᠍ᠯᠡᠰ᠎ᠤᠨ ᠬᠥᠭᠵᠢᠯᠲᠡ᠂ ᠡᠨᠧᠷᠭᠢ᠂ ᠲᠠᠷᠢᠶᠠᠯᠠᠩ ᠮᠠᠯ ᠠᠵᠤ ᠠᠬᠤᠢ ᠣᠶ ᠰᠢᠭᠤᠢ ᠡᠪᠡᠰᠦ ᠪᠡᠯᠴᠢᠭᠡᠷ᠂ ᠤᠰᠤ᠂ ᠪᠠᠷᠠᠭ᠋ᠠᠨ᠎ᠤ ᠭᠦᠢ᠍ᠯᠭᠡᠭᠡ᠂ ᠨᠡᠢ᠌ᠭᠡᠮ᠎ᠤᠨ ᠠᠵᠢᠯ ᠦᠢ᠍ᠯᠡᠰ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠬᠣᠲᠠ ᠪᠠᠯᠭ᠋ᠠᠰᠤ (ᠬᠦᠷᠢᠶᠡᠯᠡᠩ ᠲᠣᠭᠣᠷᠢᠭ ᠪᠠᠭᠲᠠᠨ᠎ᠠ) ᠵᠢᠨ ᠰᠠᠭᠤᠷᠢ  ᠲᠦᠬᠦᠬᠡᠷᠤᠮᠵᠢ᠂ ᠵᠠᠮ ᠬᠠᠷᠢᠯᠴᠠᠭ᠎ᠠ᠂ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠂ ᠰᠢᠨ᠎ᠡ ᠬᠡᠯᠪᠡᠷᠢ ᠵᠢᠨ ᠰᠠᠭᠤᠷᠢ ᠲᠦᠬᠦᠬᠡᠷᠤᠮᠵᠢ ᠪᠠ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠶ᠋ᠢᠲᠡ 11 ᠶᠠᠡᠭᠵᠤ ᠵᠢᠨ ᠲᠥᠷᠥᠯ ᠵᠦᠢ᠍ᠯ᠎ᠢ ᠬᠠᠮᠤᠷᠴᠠᠢ᠃ ᠡᠲᠡᠭᠡᠷ ᠲᠥᠷᠥᠯ ᠵᠦᠢ᠍ᠯ᠎ᠢ ᠨᠠᠢ᠌ᠳᠠᠪᠤᠷᠢᠵᠢᠭᠤᠯᠤᠨ ᠬᠡᠷᠡᠭᠵᠢᠭᠦᠯᠬᠦ᠎ᠨᠢ ᠮᠠᠨ᠎ᠤ ᠣᠷᠣᠨ᠎ᠤ ᠠᠵᠤ ᠦᠢ᠍ᠯᠡᠰ᠎ᠤᠨ ᠪᠦᠲᠦᠴᠡ ᠵᠢ ᠤᠯᠠᠮ  ᠰᠢᠯᠢᠳᠡᠭᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠂ ᠰᠠᠭᠤᠷᠢ ᠲᠥᠬᠦᠭᠡᠷᠦᠮᠵᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠳᠤᠲᠠᠭᠤᠳᠠᠯ᠎ᠢ ᠨᠥᠬᠥᠪᠦᠷᠢᠯᠡᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠪᠣᠯᠣᠨ᠎ᠠ᠃
    《ᠮᠡᠳᠡᠭᠳᠡᠯ》᠎ᠳᠤ᠂ ᠪᠡᠯᠡ ᠣᠷᠣᠭᠤᠯᠤᠯᠲᠠ ᠵᠢᠨ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠦᠷᠭᠦᠯᠵᠢᠯᠡᠨ ᠪᠠᠢ᠌ᠭᠤᠯᠵᠤ᠂ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠲᠠᠨᠢᠯᠴᠠᠭᠤᠯᠭ᠎ᠠ ᠵᠢ ᠦᠷᠭᠦᠯᠵᠢᠯᠡᠨ ᠴᠢᠩᠭ᠋ᠠᠳᠬᠠᠵᠤ᠂ ᠡᠯᠧᠮᠧᠨ᠋ᠲ᠎ᠤᠨ ᠪᠠᠲᠤᠯᠠᠭ᠎ᠠ ᠵᠢ ᠦᠷᠭᠦᠯᠵᠢᠯᠡᠨ ᠰᠠᠢ᠌ᠲᠤᠷ ᠬᠢᠵᠦ᠂ ᠪᠡᠯᠡ ᠲᠣᠬᠢᠷᠠᠭᠤᠯᠭ᠎ᠠ ᠵᠢᠨ ᠳᠡᠮᠵᠢᠯᠭᠡ ᠵᠢ ᠦᠷᠭᠦᠯᠵᠢᠯᠡᠨ ᠴᠢᠩᠭ᠋ᠠᠳᠬᠠᠵᠤ᠂ ᠶᠠᠷᠢᠶ᠎ᠠ ᠬᠡᠯᠡᠯᠴᠡᠭᠡᠨ᠎ᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠦᠷᠭᠦᠯᠵᠢᠯᠡᠨ ᠪᠣᠶ ᠪᠣᠯᠭ᠋ᠠᠵᠤ᠂ ᠠᠷᠠᠳ᠎ᠤᠨ ᠪᠡᠯᠡ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠤᠯᠠᠮ ᠰᠠᠢ᠌ᠳᠤᠷ ᠬᠥᠭᠵᠢᠭᠡᠨ᠂ ᠨᠠᠩ ᠣᠯᠠᠨ ᠠᠷᠠᠳ᠎ᠤᠨ ᠬᠥᠷᠥᠩᠭᠡ ᠵᠢ ᠵᠣᠷᠢᠭᠵᠢᠭᠤᠯᠤᠨ ᠲᠠᠲᠠᠵᠤ ᠪᠠᠢ᠌ᠭ᠋ᠠᠳ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠵᠤ᠂ ᠪᠥᠬᠥ ᠣᠷᠣᠨ᠎ᠤ ᠠᠷᠠᠳ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠵᠢ ᠠᠬᠢᠭᠤᠯᠬᠤ ᠬᠡᠷᠡᠭᠲᠡᠢ ᠭᠡᠵᠤ ᠲᠤᠷᠠᠳᠪᠠ᠃
     ᠴᠢᠬᠤᠯᠠ ᠶᠡᠬᠡ ᠲᠥᠷᠥᠯ ᠵᠦᠢ᠍ᠯ᠎ᠤᠨ ᠲᠤᠯᠭ᠋ᠠᠭᠤᠷᠢᠯᠠᠯ ᠵᠶ᠋ᠡᠷ ᠦᠨᠤ ᠵᠢᠯ ᠮᠠᠨ᠎ᠤ ᠣᠷᠣᠨ᠎ᠤ᠎ᠬᠢᠨ 1—2 ᠳ᠋ᠤᠭ᠋ᠠᠷ ᠰᠠᠷ᠎ᠠ᠎ᠳᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ 39.4%᠎ᠪᠠᠷ ᠨᠡᠮᠡᠭᠳᠡᠪᠡ᠂ ᠡᠭᠦᠨ᠎ᠳᠤ ᠠᠷᠠᠳ᠎ᠤᠨ ᠪᠡᠯᠡ ᠣᠷᠣᠭᠤᠯᠤᠯᠲᠠ 44.6%᠎ᠪᠠᠷ ᠨᠡᠮᠡᠭᠳᠡᠵᠦ᠂ ᠴᠥᠮ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ ᠥᠨᠳᠥᠷ ᠪᠠᠢ᠌ᠵᠤ᠂  ᠡᠬᠢᠯᠡᠯᠳᠡ ᠵᠢᠨ ᠭᠠᠷᠤᠭ᠎ᠠ᠎ᠪᠠᠨ ᠰᠠᠢ᠌ᠬᠠᠨ ᠡᠬᠢᠯᠡᠬᠦᠯᠪᠡ᠃


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠬᠢᠳᠡᠳ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠤᠸᠠᠩ ᡁᠢ ᠴᠢᠶᠠᠩ ᠬᠥᠯᠥᠨ ᠪᠤᠢ᠍ᠢ᠍ᠷ ᠬᠤᠳᠠ᠎ᠳᠤ ᠬᠢᠨᠠᠨ ᠵᠢᠯᠤᠭᠣᠳᠬᠤ᠎ᠳᠤ᠎ᠪᠠᠨ ᠴᠢᠬᠤᠯᠠᠴᠢᠯᠠᠭᠰᠠᠨ᠎ᠨᠢ᠂ ᠠᠶᠤᠯ ᠦᠬᠡᠢ ᠦᠢ᠍ᠯᠡᠳᠪᠦᠷᠢᠯᠡᠯ᠎ᠤᠨ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ ᠠᠮᠤᠷ ᠲᠦᠪᠰᠢᠨ ᠬᠥᠭᠵᠢᠯᠲᠡ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ
ᠮᠠᠨ᠎ᠤ ᠤᠷᠤᠨ᠎ᠤ ᠰᠠᠯᠬᠢᠨ ᠬᠦᠴᠦᠨ᠎ᠤ ᠴᠠᠬᠢᠯᠭ᠋ᠠᠨ ᠪᠤᠯᠤᠨ ᠡᠨᠧᠷᠭᠢ ᠬᠠᠳᠠᠭ᠋ᠠᠯᠠᠬᠤ ᠠᠵᠤ ᠦᠢ᠍ᠯᠡᠰ᠎ᠤᠨ ᠰᠦᠷᠦᠭᠵᠢᠯ᠎ᠤᠨ ᠬᠦᠭᠵᠢᠬᠦᠯᠤᠯᠳᠡ ᠵᠢᠨ ᠬᠤᠷᠠᠯ ᠪᠤᠭᠤᠲᠤ᠎ᠳᠤ ᠬᠤᠷᠠᠯᠳᠤᠵᠤ᠂ ᠪᠠᠢ ᠴᠢᠩ ᠶᠤᠸᠠᠨ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ᠎ᠤ ᠡᠮᠡᠭᠲᠡᠢ᠌ᠴᠦᠳ᠎ᠤᠨ ᠬᠣᠯᠪᠣᠭ᠎ᠠ ᠵᠢᠨ ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠲᠠᠪᠤᠳᠤᠭ᠋ᠠᠷ ᠤᠳᠠᠭ᠎ᠠ ᠵᠢᠨ ᠭᠦᠢ᠍ᠴᠡᠳᠬᠡᠬᠦ ᠵᠥᠪᠯᠡᠯ᠎ᠤᠨ ᠬᠤᠷᠠᠯ ᠬᠤᠷᠠᠯᠳᠤᠪᠠ ᠶᠠᠩ ᠸᠧᠢ ᠳ᠋ᠦᠩ ᠶᠠᠷᠢᠶ᠎ᠠ ᠲᠠᠯᠪᠢᠵᠤ ᠪᠦᠦ ᠰᠢᠶᠠᠨ ᠬᠤᠸᠠ ᠬᠤᠷᠠᠯ᠎ᠢ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠤᠭ᠎ᠠ ᠵᠢᠨ ᠨᠠᠢ᠍ᠮᠠᠳᠤᠭ᠋ᠠᠷ ᠤᠳᠠᠭ᠋ᠠᠨ᠎ᠤ ᠲᠦᠯᠤᠬᠡᠯᠡᠭᠴᠢᠳ᠎ᠤᠨ ᠶᠡᠬᠡ ᠬᠤᠷᠠᠯ ᠬᠤᠷᠠᠯᠳᠤᠪᠠ
ᠳᠤᠮᠳᠠᠳᠤ ᠤᠯᠤᠰ (ᠥᠪᠥᠷ ᠮᠣᠩᠭᠣᠯ) — ᠠᠮᠧᠷᠢᠺᠠ (ᠺᠠᠯᠢᠹᠣᠷᠨᠢᠶ᠎ᠠ) ᠵᠢᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠠᠸᠠᠷ (ᠰᠦᠯᠵᠢᠶᠡᠨ ᠳᠡᠭᠡᠷᠡᠬᠢ)᠎ᠢ ᠬᠤᠳᠠᠯᠳᠤᠨ ᠠᠪᠬᠤ ᠵᠥᠪᠳᠡᠯᠴᠡᠭᠡᠷ᠎ᠤᠨ ᠬᠤᠷᠠᠯ ᠬᠤᠷᠠᠯᠳᠤᠪᠠ
 
            