ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ 4 ᠳ᠋ᠤᠬᠡᠷ ᠰᠠᠷ᠎ᠠ ᠵᠢᠨ 4 ᠪᠠ 5᠎ᠤ ᠡᠳᠦᠷ ᠬᠥᠯᠥᠨ ᠪᠣᠶ᠋ᠢᠷ ᠬᠣᠲᠠ᠎ᠳᠤ ᠭᠦᠨᠵᠡᠭᠡᠢ᠌ᠷᠡᠨ᠂ ᠣᠶ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ᠂ ᠠᠮᠤᠷ ᠲᠦᠪᠰᠢᠨ᠎ᠤ ᠬᠡᠮ ᠰᠤᠭᠤᠭ᠎ᠢ ᠶᠡᠬᠡ᠎ᠪᠠᠷ ᠵᠢᠭᠰᠠᠭ᠋ᠠᠨ ᠪᠠᠢ᠌ᠴᠠᠭ᠋ᠠᠵᠤ ᠶᠡᠬᠡ᠎ᠪᠠᠷ ᠴᠡᠭᠴᠡᠯᠡᠨ ᠵᠠᠰᠠᠬᠤ ᠠᠵᠢᠯ᠎ᠢ ᠲᠤᠬᠠᠢ ᠵᠢᠨ ᠭᠠᠵᠠᠷ᠎ᠲᠤᠨᠢ ᠬᠢᠨᠠᠨ ᠵᠢᠯᠤᠭᠤᠳᠴᠤ ᠨᠠᠭᠤᠷ ᠪᠦᠷᠢ᠎ᠳᠤ ᠪᠠ ᠭᠣᠣᠯ ᠮᠦᠷᠡᠨ᠎ᠢ ᠴᠠᠭᠳᠠᠨ ᠪᠠᠢ᠌ᠴᠠᠭ᠋ᠠᠬᠤ ᠠᠵᠢᠯ᠎ᠢ ᠥᠷᠨᠢᠭᠦᠯᠪᠡ᠃
ᠬᠤᠸᠠᠩ ᡁᠢ ᠴᠢᠶᠠᠩ ᠶᠡᠬᠡ ᠬᠢᠩᠭ᠋ᠠᠨ ᠳᠠᠪᠠᠭ᠎ᠠ ᠵᠢᠨ ᠤᠢ ᠰᠢᠭᠤᠢ ᠵᠢᠨ ᠭᠠᠯ ᠤᠨᠲᠠᠷᠠᠭ᠋ᠠᠬᠤ ᠰᠠᠯᠪᠤᠷᠢ ᠠᠩᠭᠢ᠂ ᠥᠪᠥᠷ ᠮᠣᠩᠭᠣᠯ᠎ᠤᠨ ᠤᠢ ᠰᠢᠭᠤᠢ ᠵᠢᠨ ᠠᠵᠤ ᠦᠢ᠍ᠯᠡᠳᠪᠦᠷᠢ ᠵᠢᠨ ᠪᠦᠯᠦᠭᠯᠡᠯ᠎ᠤᠨ ᠤᠯᠤᠰ᠎ᠤᠨ ᠲᠡᠰ᠎ᠤᠨ ᠨᠥᠭᠡᠴᠡ ᠵᠢᠨ ᠬᠥᠮᠥᠷᠭᠡ ᠪᠣᠯᠣᠨ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠵᠢᠯᠤᠭᠣᠳᠬᠤ ᠲᠥᠪ᠂ ᠮᠠᠨᠵᠤᠤᠷ᠎ᠤᠨ ᠬᠢᠯᠢ ᠵᠢᠨ ᠲᠤᠰᠠᠭ᠋ᠠᠷᠯᠠᠬᠤ ᠪᠦᠰᠡ᠂ ᠵᠠᠯᠠᠢ᠍ᠢ᠍ᠨᠠᠭᠤᠷ ᠨᠡᠭᠦᠷᠡᠰᠦᠨ᠎ᠤ ᠦᠢ᠍ᠯᠡᠰ᠎ᠤᠨ ᠺᠣᠮᠫᠠᠨᠢ ᠵᠢᠨ ᠯᠢᠩ ᠯᠦ᠍ ᠨᠡᠭᠦᠷᠡᠰᠦᠨ ᠠᠭᠤᠷᠬᠠᠢ᠎ᠳᠤ ᠬᠦᠷᠴᠦ᠂ ᠰᠡᠷᠭᠡᠢ᠌ᠯᠡᠯᠲᠡ ᠪᠠᠢ᠌ᠷᠢᠯᠠᠭᠤᠯᠬᠤ ᠬᠦᠴᠦᠨ᠂ ᠡᠳ᠋ ᠪᠣᠳᠠᠰ᠎ᠤᠨ ᠨᠦᠬᠡᠴᠡᠯᠡᠯᠳᠡ᠂ ᠭᠠᠯ ᠰᠡᠷᠭᠡᠢ᠌ᠯᠡᠬᠦ ᠬᠢᠨᠠᠨ ᠬᠡᠮᠵᠢᠯᠲᠡ ᠵᠡᠷᠭᠡ ᠠᠵᠢᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠵᠤ᠂ ᠠᠮᠤᠷ ᠲᠦᠪᠰᠢᠨ᠎ᠤ ᠬᠡᠮ ᠰᠣᠭᠣᠭ᠎ᠢ ᠶᠡᠬᠡ᠎ᠪᠠᠷ ᠪᠠᠢ᠌ᠴᠠᠭ᠋ᠠᠵᠤ ᠶᠡᠬᠡ᠎ᠪᠠᠷ ᠴᠡᠭᠴᠡᠯᠡᠨ ᠵᠠᠰᠠᠬᠤ ᠠᠵᠢᠯ᠎ᠢ ᠱᠠᠯᠠᠪᠳᠠᠭᠤᠯᠤᠨ ᠵᠢᠯᠤᠭᠤᠳᠬᠤ᠎ᠳᠤ᠎ᠪᠠᠨ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠨᠡᠩ ᠴᠢᠩᠭ᠎ᠠ ᠱᠠᠭ᠋ᠠᠷᠳᠠᠯᠭ᠎ᠠ᠂ ᠨᠡᠩ ᠥᠨᠳᠥᠷ ᠪᠠᠷᠢᠮᠵᠢᠶ᠎ᠠ᠂ ᠨᠡᠩ ᠪᠦᠬᠦ ᠲᠠᠯ᠎ᠠ ᠵᠢᠨ ᠠᠷᠭ᠎ᠠ᠎ᠪᠠᠷ ᠠᠶᠤᠯ ᠦᠬᠡᠢ ᠦᠢ᠍ᠯᠡᠳᠪᠦᠷᠢᠯᠡᠯ᠎ᠤᠨ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠠᠮᠤᠷ ᠲᠦᠪᠰᠢᠨ ᠬᠥᠭᠵᠢᠯᠲᠡ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠸᠠᠩ ᡁᠢ ᠴᠢᠶᠠᠩ ᠪᠠᠰᠠ ᠬᠥᠯᠥᠨ ᠨᠠᠭᠤᠷ᠂ ᠡᠷᠭᠦᠨ᠎ᠡ ᠭᠣᠣᠯ᠎ᠤᠨ ᠰᠠᠪᠠ ᠭᠠᠵᠠᠷ᠎ᠢ ᠲᠣᠭᠣᠷᠢᠨ ᠴᠠᠭᠳᠠᠵᠤ᠂ ᠭᠣᠣᠯ ᠮᠥᠷᠡᠨ ᠨᠠᠭᠤᠷ ᠴᠥᠭᠥᠷᠥᠮ᠎ᠢ ᠬᠠᠮᠠᠭ᠋ᠠᠯᠠᠨ ᠵᠠᠰᠠᠬᠤ ᠲᠠᠯ᠎ᠠ᠎ᠪᠠᠷ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃