ᠮᠠᠨ᠎ᠤ ᠤᠷᠤᠨ᠎ᠤ ᠰᠠᠯᠬᠢᠨ ᠬᠦᠴᠦᠨ᠎ᠤ ᠴᠠᠬᠢᠯᠭ᠋ᠠᠨ ᠪᠤᠯᠤᠨ ᠡᠨᠧᠷᠭᠢ ᠬᠠᠳᠠᠭ᠋ᠠᠯᠠᠬᠤ ᠠᠵᠤ ᠦᠢ᠍ᠯᠡᠰ᠎ᠤᠨ ᠰᠦᠷᠦᠭᠵᠢᠯ᠎ᠤᠨ ᠬᠦᠭᠵᠢᠬᠦᠯᠤᠯᠳᠡ ᠵᠢᠨ ᠬᠤᠷᠠᠯ 4 ᠳ᠋ᠤᠬᠡᠷ ᠰᠠᠷ᠎ᠠ ᠵᠢᠨ 13᠂ 14᠎ᠤ ᠡᠳᠦᠷ ᠪᠤᠭᠤᠲᠤ ᠬᠤᠳᠠ᠎ᠳᠤ ᠬᠤᠷᠠᠯᠳᠤᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠪᠠᠢ ᠴᠢᠩ ᠶᠤᠸᠠᠨ ᠬᠡᠯᠡᠭᠰᠡᠨ᠎ᠨᠢ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠦᠬᠦ ᠠᠵᠤ ᠦᠢ᠍ᠯᠡᠰ᠎ᠤᠨ ᠬᠡᠯᠬᠢᠶ᠎ᠡ᠂ ᠪᠦᠯᠦᠭᠯᠡᠯ᠎ᠤᠨ ᠮᠠᠶᠢᠭ᠎ᠤᠨ ᠬᠥᠭᠵᠢᠯᠲᠡ ᠵᠢ ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠣᠯᠣᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠪᠣᠯᠣᠨ᠎ᠠ᠃ ᠨᠡᠭᠡᠭᠡᠯᠲᠡ ᠬᠢᠵᠦ ᠬᠠᠮᠳᠤᠷᠠᠯᠴᠠᠵᠤ᠂ ᠬᠠᠮᠳᠤ᠎ᠪᠠᠷ ᠠᠰᠢᠭ ᠬᠦᠷᠳᠡᠬᠦ ᠤᠬᠠᠮᠰᠠᠷ᠎ᠢ ᠴᠢᠩᠭ᠋ᠠᠳᠬᠠᠵᠤ᠂ ᠬᠡᠯᠬᠢᠶ᠎ᠡ ᠵᠢᠨ ᠭᠣᠣᠯ ᠠᠵᠤ ᠠᠬᠤᠢ᠌ᠯᠠᠯ ᠲᠦᠷᠦᠭᠦᠯᠡᠨ ᠵᠢᠱ᠌ᠢᠶ᠎ᠡ ᠦᠵᠡᠭᠦᠯᠬᠦ ᠦᠢ᠍ᠯᠡᠳᠦᠯ ᠵᠶ᠋ᠡᠨ ᠪᠠᠳᠠᠷᠠᠭᠤᠯᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ ᠪᠣᠯᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠵᠤ ᠦᠢ᠍ᠯᠡᠰ᠎ᠤᠨ ᠰᠦᠷᠦᠭᠵᠢᠯ᠎ᠤᠨ ᠬᠦᠭᠵᠢᠬᠦᠯᠤᠯᠳᠡ᠎ᠳᠤ ᠨᠡᠩ ᠤᠯᠠᠨ ᠤᠨᠤᠴᠠᠳᠠᠢ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
ᠬᠤᠷᠠᠯ᠎ᠤᠨ ᠬᠤᠭᠤᠴᠠᠭ᠋ᠠᠨ᠎ᠳᠤ᠂ ᠰᠠᠯᠬᠢᠨ ᠬᠦᠴᠦᠨ᠎ᠤ ᠴᠠᠬᠢᠯᠭ᠋ᠠᠨ᠎ᠤ ᠰᠢᠨ᠎ᠡ ᠡᠨᠧᠷᠭᠢ ᠵᠢᠨ ᠨᠡᠭᠡᠭᠡᠨ ᠬᠥᠭᠵᠢᠭᠦᠯᠦᠯᠲᠡ ᠵᠢᠨ ᠠᠵᠤ ᠠᠬᠤᠢ᠌ᠯᠠᠯ ᠪᠣᠯᠣᠨ ᠪᠦᠬᠦᠯᠢ ᠮᠠᠰᠢᠨ᠎ᠤ ᠲᠤᠨᠤᠭ ᠲᠥᠬᠦᠭᠡᠷᠦᠮᠵᠢ ᠦᠢ᠍ᠯᠡᠳᠪᠦᠷᠢᠯᠡᠬᠦ ᠠᠵᠤ ᠠᠬᠤᠢ᠌ᠯᠠᠯ᠂ ᠰᠠᠯᠬᠢᠨ ᠬᠦᠴᠦᠨ᠎ᠤ ᠴᠠᠬᠢᠯᠭ᠋ᠠᠨ᠎ᠤ ᠪᠦᠬᠦᠯᠢ ᠮᠠᠰᠢᠨ᠎ᠤ ᠲᠤᠨᠤᠭ ᠲᠥᠬᠦᠭᠡᠷᠦᠮᠵᠢ ᠦᠢ᠍ᠯᠡᠳᠪᠦᠷᠢᠯᠡᠬᠦ ᠠᠵᠤ ᠠᠬᠤᠢ᠌ᠯᠠᠯ ᠪᠣᠯᠣᠨ ᠰᠡᠯᠪᠢᠭ ᠲᠤᠨᠤᠭ ᠦᠢ᠍ᠯᠡᠳᠪᠦᠷᠢᠯᠡᠬᠦ ᠠᠵᠤ ᠠᠬᠤᠢ᠌ᠯᠠᠯ ᠵᠡᠷᠭᠡ᠎ᠲᠠᠢ ᠭᠠᠷᠤᠨ ᠦᠰᠦᠭ ᠵᠢᠷᠤᠬᠤ ᠶᠣᠰᠣᠯᠠᠯ ᠶᠠᠪᠤᠭᠤᠯᠤᠭᠰᠠᠨ ᠪᠥᠭᠡᠳ ᠬᠤᠷᠠᠯ᠎ᠳᠤ ᠣᠷᠣᠯᠴᠠᠭᠰᠠᠳ᠎ᠢ ᠵᠣᠬᠢᠶᠠᠨ ᠪᠠᠢ᠌ᠭᠤᠯᠤᠨ ᠲᠣᠭᠣᠷᠢᠨ ᠦᠵᠡᠭᠦᠯᠵᠦ ᠰᠢᠨᠵᠢᠯᠡᠨ ᠪᠠᠢ᠌ᠴᠠᠭ᠋ᠠᠵᠤ᠂ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠡᠢ᠃